ᠲᠣᠭᠲᠠᠬᠤ ᠰᠢᠶᠠᠨ ᠤ 2023 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/24
     2 ᠳ᠋ᠤᠭᠠᠷ ᠰᠠᠷ᠎ᠠ ᠶᠢᠨ 23  ᠤ ᠡᠳᠦᠷ᠂ ᠲᠣᠭᠲᠠᠬᠤ ᠰᠢᠶᠠᠨ 2023 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠸ ᠵᠧᠩ ᠬᠤᠷᠠᠯ ᠡᠷᠭᠢᠯᠡᠪᠡ᠃      ᠬᠤᠷᠠᠯ ᠠᠴᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠢ ᠬᠠᠮᠢᠶᠠᠷᠤᠨ ᠬᠠᠮᠠᠭᠠᠯᠠᠬᠤ ᠲᠥᠪ᠂ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠣᠯᠣᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠦᠨᠳᠦ ᠶᠡᠭᠡ ᠭᠡᠮ ᠰᠣᠭᠤᠭ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠡᠯ᠎ᠡ ᠲᠦᠷᠦᠯ ᠤᠨ ᠠᠮᠤᠷ ᠲᠦᠪᠰᠢᠨ ᠤ ᠬᠡᠮ ᠰᠣᠭᠤᠭ ᠢ ᠴᠢᠩᠭ᠎ᠠ ᠠᠳᠬᠤᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠦᠬᠦ ᠲᠠᠯ᠎ᠠ ᠶᠢᠨ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠬᠡᠷᠡᠭᠲᠡᠢ᠃ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯ ᠲᠠᠢ ᠬᠢᠮᠢ ᠶᠢᠨ ᠪᠣᠳᠠᠰ᠂ ᠲᠡᠮᠦᠷᠯᠢᠭ ᠬᠠᠶᠢᠯᠤᠭᠤᠯᠬᠤ ᠠᠵᠤ ᠦᠢᠯᠡᠳᠪᠦᠷᠢ ᠠᠷᠠᠯᠵᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ᠂ ᠭᠠᠯ ᠤᠨᠲᠠᠷᠠᠭᠠᠬᠤ ᠠᠮᠤᠷ ᠲᠦᠪᠰᠢᠨ᠂ ᠪᠠᠷᠢᠯᠭ᠎ᠠ ᠶᠢᠨ ᠠᠵᠢᠯ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠵᠢᠯ ᠲᠥᠷᠥᠯ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠵᠤ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ᠂ ᠲᠤᠰᠬᠠᠢ ᠮᠡᠷᠭᠡᠵᠢᠯᠲᠡᠨ ᠠᠴᠠ ᠰᠤᠳᠠᠯ ᠪᠠᠷᠢᠬᠤ᠂ ᠲᠤᠰᠬᠠᠢ ᠲᠤᠰᠢᠶᠠᠯᠲᠠᠨ ᠤ ᠬᠠᠤᠯᠢ ᠬᠡᠷᠡᠭᠵᠢᠭᠦᠯᠬᠦ ᠲᠣᠭᠲᠠᠴᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠠᠵᠤ ᠠᠬᠤᠶᠢᠯᠠᠯ ᠠᠶᠤᠯᠭᠦᠢ ᠦᠢᠯᠡᠳᠪᠦᠷᠢᠯᠡᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠤᠷᠠᠯ ᠢ ᠬᠤᠷᠠᠯᠳᠤᠭᠤᠯᠵᠤ᠂ ᠥᠪᠡᠷ‌‍ᠦᠨ ᠪᠠᠶᠢᠴᠠᠭᠠᠯᠲᠠ ᠪᠠᠨ ᠨᠠᠷᠢᠨ ᠬᠢᠨᠠᠮᠠᠭᠠᠢ ᠥᠷᠨᠢᠭᠦᠯᠵᠦ᠂ ᠨᠠᠷᠢᠨ ᠲᠠᠩᠰᠠ ᠶᠢᠨ ᠡᠬᠡ ᠲᠠᠩᠰᠠ ᠶᠢ ᠪᠠᠶᠢᠭᠤᠯᠵᠤ᠂ ᠪᠢᠲᠡᠭᠦᠦ ᠴᠠᠭᠠᠷᠢᠭ ᠢᠶᠠᠷ ᠴᠡᠭᠴᠡᠯᠡᠨ ᠰᠠᠶᠢᠵᠢᠷᠠᠭᠤᠯᠵᠤ ᠨᠣᠮᠧᠷ ᠢ ᠨᠢ ᠬᠠᠰᠤᠬᠤ ᠶᠢ ᠬᠡᠷᠡᠭᠵᠢᠭᠦᠯᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢᠨ ᠬᠠᠮᠲᠤᠷᠠᠨ ᠬᠥᠳᠡᠯᠦᠯᠴᠡᠬᠦ ᠪᠠ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠠᠶᠦᠯᠭᠦᠢ ᠦᠢᠯᠡᠳᠪᠦᠷᠢᠯᠡᠯ ᠤᠨ ᠤᠷᠢᠳᠴᠢᠯᠠᠨ ᠲᠥᠰᠥᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠶᠢᠨ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠂ ᠡᠯ᠎ᠡ ᠲᠥᠷᠥᠯ ᠤᠨ ᠭᠠᠢ ᠭᠠᠮᠰᠢᠭ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠮᠡᠳᠡᠭᠳᠡᠵᠦ ᠪᠣᠳᠠᠲᠠᠶᠢᠵᠢᠭᠤᠯᠬᠤ ᠶᠢ ᠦᠨᠡᠨᠬᠦ ᠪᠠᠳᠤᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠣᠯᠵᠤ ᠮᠡᠳᠡᠪᠡᠯ ᠴᠠᠭ ᠲᠤᠬᠠᠢ ᠳᠤᠨᠢ᠂ ᠰᠢᠨᠵᠢᠯᠡᠬᠦ ᠤᠬᠠᠭᠠᠨᠴᠢ ᠪᠠᠷ᠂ ᠪᠦᠲᠦᠮᠵᠢᠲᠡᠶ ᠪᠠᠷ ᠠᠷᠭᠠᠴᠠᠬᠤ ᠪᠠ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃-
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1