ᠪᠦᠬᠦ ᠤᠯᠤᠰ ᠤᠨ ᠬᠤᠶᠠᠷ ᠬᠤᠷᠠᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ | ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠨ ᠲᠥᠯᠥᠭᠡᠯᠡᠭᠴᠢᠳ | ᠪᠣᠯᠣᠨ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠣᠨᠣᠰᠬᠤ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠪᠠ | ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠪᠠ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠢ ᠴᠡᠭᠴᠡᠯᠡᠨ ᠵᠠᠰᠠᠭᠰᠠᠨ | ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠳᠤᠷ᠎ᠠ ᠪᠠᠷ ᠢᠶᠠᠨ ᠰᠦᠢᠳᠬᠡᠯ ᠬᠤᠷᠢᠶᠠᠭᠰᠠᠨ ᠢ ᠴᠡᠭᠴᠡᠯᠡᠨ | ᠵᠠᠰᠠᠭᠰᠠᠨ ᠦᠷ᠎ᠡ ᠳ᠋ᠦᠩ ᠢ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ ᠭᠡᠵᠦ ᠱᠠᠭᠠᠷᠳᠠᠪᠠ | ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭᠠᠷ ᠰᠠᠷ᠎ᠠ ᠶᠢᠨ 22 ᠤᠨ ᠡᠳᠦᠷ ᠤᠨ ᠴᠠᠬᠢᠯᠭᠠᠨ ᠮᠡᠳᠡᠭᠡ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 2 ᠳ᠋ᠤᠭᠠᠷ ᠰᠠᠷ᠎ᠠ ᠶᠢᠨ 22 ᠤᠨ ᠡᠳᠦᠷ | ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠬᠤᠶᠠᠷ | ᠬᠤᠷᠠᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ | ᠰᠣᠨᠣᠰᠴᠤ᠂ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠨ ᠲᠥᠯᠥᠭᠡᠯᠡᠭᠴᠢᠳ ᠪᠣᠯᠣᠨ ᠭᠡᠰᠢᠭᠦᠳ ᠤᠨ ᠰᠠᠨᠠᠯ | ᠰᠠᠨᠠᠭᠤᠯᠭ᠎ᠠ ᠶᠢ ᠰᠣᠨᠣᠰᠬᠤ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠪᠠ︔ ᠠᠵᠤ ᠠᠬᠤᠶᠢᠯᠠᠯ ᠳᠤ ᠬᠤᠯᠪᠣᠭᠳᠠᠭᠰᠠᠨ | ᠰᠦᠢᠳᠬᠡᠯ ᠬᠤᠷᠢᠶᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠲᠣᠭᠲᠠᠭᠠᠯ ᠠᠴᠠ | ᠵᠥᠷᠢᠴᠡᠨ ᠰᠦᠢᠳᠬᠡᠯ ᠬᠤᠷᠢᠶᠠᠭᠰᠠᠨ ᠢ ᠴᠡᠭᠴᠡᠯᠡᠨ ᠵᠠᠰᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ | ᠰᠣᠨᠣᠰᠴᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠭᠰᠠᠨ ᠢ ᠴᠡᠭᠴᠡᠯᠡᠨ ᠵᠠᠰᠠᠭᠰᠠᠨ ᠦᠷ᠎ᠡ ᠳ᠋ᠦᠩ ᠢ ᠤᠯᠠᠮ ᠨᠢᠭᠡ ᠠᠯᠬᠤᠮ | ᠪᠠᠲᠤᠳᠬᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠵᠠᠰᠠᠭ ᠤᠨ ᠣᠷᠳᠣᠨ ᠤ ᠡᠷᠬᠡ ᠠᠷᠠᠳ ᠲᠦᠮᠡᠨ ᠠᠴᠠ ᠢᠷᠡᠯᠲᠡ ᠲᠠᠢ᠂ ᠵᠠᠰᠠᠭ | ᠶᠠᠪᠤᠭᠤᠯᠬᠤ ᠳᠤ ᠪᠠᠨ ᠡᠷᠬᠡᠪᠰᠢ ᠠᠷᠠᠳ ᠲᠦᠮᠡᠨ ᠤ ᠬᠦᠰᠡᠯ ᠨᠠᠶᠢᠳᠠᠯᠭ᠎ᠠ ᠳᠤ ᠨᠡᠶᠢᠴᠡᠭᠦᠯᠬᠦ ᠬᠡᠷᠡᠭᠲᠡᠢ᠃ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠣᠯ ᠵᠠᠰᠠᠭ ᠤᠨ ᠣᠷᠳᠣᠨ ᠤ ᠠᠷᠠᠳ ᠤᠨ | ᠰᠠᠨᠠᠭ᠎ᠠ ᠶᠢ ᠰᠣᠨᠣᠰᠬᠤ᠂ ᠠᠷᠠᠳ ᠲᠦᠮᠡᠨ ᠤ ᠬᠢᠨᠠᠯᠲᠠ ᠶᠢ ᠬᠦᠯᠢᠶᠡᠬᠦ᠋ᠢᠨ ᠳᠣᠲᠣᠭᠠᠳᠤ ᠱᠠᠭᠠᠷᠳᠠᠯᠭ᠎ᠠ ᠮᠥᠨ᠂ ᠰᠢᠨᠵᠢᠯᠡᠬᠦ | ᠤᠬᠠᠭᠠᠨᠴᠢ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠵᠢᠯ ᠢᠶᠠᠨ ᠬᠠᠯᠠᠨ ᠰᠠᠶᠢᠵᠢᠷᠠᠭᠤᠯᠬᠤ᠂ | ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠲᠦᠷᠦ ᠶᠢᠨ ᠶᠠᠪᠤᠳᠠᠯ ᠤᠨ | ᠬᠤᠷᠢᠶ᠎ᠠ ᠠᠴᠠ ᠡᠨᠡ ᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠢᠯ ᠪᠦᠷᠢ ᠲᠦᠷᠦ ᠶᠢᠨ ᠶᠠᠪᠤᠳᠠᠯ ᠤᠨ | ᠬᠤᠷᠢᠶᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠳᠠᠭ᠃ ᠨᠢᠳᠤᠨᠤᠨ ᠲᠦᠷᠦ ᠶᠢᠨ ᠶᠠᠪᠤᠳᠠᠯ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠤᠨ ᠬᠢᠨ | ᠲᠥᠯᠥᠭᠡᠯᠡᠭᠴᠢᠳ ᠤᠨ ᠰᠠᠨᠠᠭᠤᠯᠭ᠎ᠠ ᠶᠢ ᠨᠡᠶᠢᠳᠡ 8721 ᠬᠤᠪᠢ᠂ ᠭᠡᠰᠢᠭᠦᠳ ᠤᠨ ᠰᠠᠨᠠᠯ ᠳᠤᠷᠠᠳᠤᠯᠭ᠎ᠠ ᠶᠢ ᠨᠡᠶᠢᠳᠡ | 5865 ᠬᠤᠪᠢ ᠰᠢᠢᠳᠪᠦᠷᠢᠯᠡᠪᠡ᠃ ᠡᠨᠡ ᠨᠢ ᠲᠤᠰ ᠲᠤᠰ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢᠨ ᠪᠦᠬᠦ ᠲᠣᠭᠠᠨ ᠤ | 94.8%᠂ 95% ᠶᠢ ᠡᠵᠡᠯᠡᠪᠡ᠃ ᠥᠩᠭᠡᠷᠡᠭᠰᠡᠨ 5 ᠵᠢᠯ ᠳᠤ᠂ ᠲᠥᠯᠥᠭᠡᠯᠡᠭᠴᠢᠳ ᠪᠠ ᠭᠡᠰᠢᠭᠦᠳ ᠤᠨ ᠰᠠᠨᠠᠯ | ᠰᠠᠨᠠᠭᠤᠯᠭ᠎ᠠ ᠶᠢ ᠨᠡᠶᠢᠳᠡ 1.8 ᠲᠦᠮᠡ ᠭᠠᠷᠤᠢ ᠵᠤᠷᠪᠤᠰ ᠭᠥᠯᠢᠶᠡᠨ ᠠᠪᠴᠤ᠂ ᠬᠤᠯᠪᠣᠭᠳᠠᠯ ᠪᠦᠬᠦᠢ ᠲᠦᠷᠦ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ 7800 ᠭᠠᠷᠤᠢ ᠵᠤᠷᠪᠤᠰ ᠨᠡᠶᠢᠲᠡᠯᠡᠨ ᠬᠡᠷᠡᠭᠵᠢᠭᠦᠯᠵᠦ᠂ ᠥᠭᠡᠷᠡᠴᠢᠯᠡᠯᠲᠡ ᠬᠥᠭᠵᠢᠯᠲᠡ | ᠪᠠ ᠠᠷᠠᠳ ᠤᠯᠠᠨ ᠤ ᠪᠠᠴᠢᠮᠳᠠᠵᠤ᠂ ᠲᠦᠪᠡᠭᠳᠡᠵᠦ᠂ ᠵᠣᠪᠠᠨᠢᠵᠤ᠂ ᠬᠦᠰᠡᠵᠦ ᠪᠠᠶᠢᠭ᠎ᠠ ᠳᠤ ᠬᠤᠯᠪᠣᠭᠳᠠᠭᠰᠠᠨ ᠮᠠᠰᠢ ᠤᠯᠠᠨ | ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ | ᠰᠢᠢᠳᠪᠦᠷᠢᠯᠡᠬᠦ ᠶᠢ ᠣᠨ ᠤ ᠭᠤᠣᠯᠳᠠᠯᠭ᠎ᠠ ᠲᠠᠢ ᠡᠭᠦᠷᠭᠡ ᠪᠠᠨ ᠪᠣᠯᠭᠠᠵᠤ᠂ ᠢᠳᠡᠪᠬᠢᠲᠡᠢ ᠪᠠᠷ ᠬᠠᠶᠢᠨ ᠰᠦᠪᠡᠭᠴᠢᠯᠡᠬᠦ ᠪᠠ | ᠰᠢᠨᠡᠴᠢᠯᠡᠵᠦ᠂ ᠱᠠᠲᠤ ᠬᠤᠪᠢᠶᠠᠨ ᠬᠠᠷᠢᠭᠤᠴᠠᠬᠤ᠂ ᠡᠬᠡ ᠲᠠᠩᠰᠠ ᠶᠢ ᠬᠠᠮᠢᠶᠠᠷᠬᠤ᠂ ᠮᠥᠷᠳᠡᠨ ᠰᠢᠮᠳᠠᠭᠤᠯᠵᠤ | ᠰᠢᠢᠳᠪᠦᠷᠢᠯᠡᠬᠦ᠂ ᠨᠢᠭᠡᠳ ᠨᠢᠭᠡ ᠪᠠᠷ ᠬᠠᠷᠢᠭᠤᠯᠲᠠ ᠥᠭᠬᠦ ᠵᠡᠷᠭᠡ ᠲᠣᠭᠲᠠᠴᠠ ᠶᠢ ᠨᠡᠶᠢᠳᠡᠮ ᠪᠠᠶᠢᠭᠤᠯᠵᠤ᠂ ᠨᠡᠯᠢᠶᠡᠳ | ᠲᠡᠭᠦᠯᠳᠡᠷᠵᠢᠭᠰᠡᠨ ᠵᠢᠷᠤᠮᠵᠢᠭᠰᠠᠨ ᠳᠦᠷᠢᠮ ᠢ ᠪᠦᠷᠢᠯᠳᠦᠭᠦᠯᠪᠡ︔ ᠲᠥᠯᠥᠭᠡᠯᠡᠭᠴᠢᠳ ᠪᠠ ᠭᠡᠰᠢᠭᠦᠳ ᠯᠦᠭᠡ ᠶᠢᠨ | ᠣᠶᠢᠯᠠᠭᠠᠯᠴᠠᠭ᠎ᠠ ᠪᠠᠨ ᠨᠢᠭᠲᠠᠷᠠᠭᠤᠯᠵᠤ᠂ ᠰᠢᠢᠳᠪᠦᠷᠢᠯᠡᠬᠦ ᠠᠴᠠ ᠡᠮᠦᠨ᠎ᠡ᠂ ᠰᠢᠢᠳᠪᠦᠷᠢᠯᠡᠬᠦ ᠶᠠᠪᠤᠴᠠ ᠳᠤ᠂ ᠰᠢᠢᠳᠪᠦᠷᠢᠯᠡᠵᠦ | ᠳᠠᠭᠤᠰᠤᠭᠰᠠᠨ ᠤ ᠳᠠᠷᠠᠭᠠᠬᠢ ᠵᠣᠯᠭᠠᠭᠤᠯᠵᠤ ᠬᠠᠷᠢᠯᠴᠠᠬᠤ ᠪᠠᠨ ᠴᠢᠩᠭᠠᠳᠬᠠᠵᠤ᠂ ︽ᠪᠢᠴᠢᠭ ᠬᠠᠷ᠎ᠠ ᠪᠠᠷ ᠶᠠᠪᠤᠯᠴᠠᠬᠤ︾ | ᠠᠴᠠ ︽ᠬᠥᠮᠥᠰ ᠬᠤᠭᠤᠷᠣᠨᠳᠤ ᠪᠠᠨ ᠶᠠᠪᠤᠯᠴᠠᠬᠤ︾ ᠲᠡᠶᠢᠰᠢ ᠬᠤᠪᠢᠷᠠᠭᠤᠯᠬᠤ ᠶᠢ ᠴᠢᠬᠤᠯᠠᠴᠢᠯᠠᠵᠤ᠂ ᠰᠢᠢᠳᠪᠦᠷᠢᠯᠡᠬᠦ | ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠦᠨ ᠲᠠᠰ ᠳᠠᠪᠬᠤᠷᠭ᠎ᠠ ᠶᠢᠨ ᠬᠡᠮ ᠰᠣᠭᠤᠭ ᠢ | ᠰᠤᠳᠤᠯᠤᠨ ᠰᠢᠢᠳᠪᠦᠷᠢᠯᠡᠵᠦ᠂ ᠦᠷ᠎ᠡ ᠪᠦᠲᠦᠭᠡᠯ ᠢ ᠦᠨᠡᠨ ᠪᠣᠳᠠᠲᠠᠢ ᠠᠷᠭ᠎ᠠ ᠬᠡᠮᠵᠢᠶ᠎ᠡ ᠪᠣᠯᠭᠠᠨ ᠤᠯᠠᠷᠢᠭᠤᠯᠬᠤ ᠶᠢ | ᠠᠬᠢᠭᠤᠯᠵᠤ᠂ ᠨᠢᠭᠡ ᠪᠠᠷ ᠣᠯᠠᠨ ᠢ ᠳᠠᠶᠢᠴᠢᠯᠠᠨ ᠠᠵᠢᠯ ᠢᠶᠠᠨ ᠪᠣᠳᠠᠲᠠᠢ ᠪᠠᠷ ᠠᠬᠢᠭᠤᠯᠬᠤ ᠬᠡᠷᠡᠭᠲᠡᠢ᠃ ᠡᠨᠡ ᠵᠢᠯ ᠤᠨ ᠪᠦᠬᠦ | ᠤᠯᠤᠰ ᠤᠨ ᠬᠤᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠶᠢᠨ᠎ᠠ᠂ ᠥᠩᠭᠡᠷᠡᠭᠰᠡᠨ ᠤ ᠪᠣᠳᠠᠲᠠᠢ ᠠᠷᠭ᠎ᠠ ᠬᠢᠳᠡᠯ ᠢᠶᠠᠨ | ᠳ᠋ᠦᠩᠨᠡᠵᠦ᠂ ᠲᠥᠯᠥᠭᠡᠯᠡᠭᠴᠢᠳ ᠪᠣᠯᠣᠨ ᠭᠡᠰᠢᠭᠦᠳ ᠤᠨ ᠰᠠᠨᠠᠯ ᠰᠠᠨᠠᠭᠤᠯᠭ᠎ᠠ ᠶᠢ ᠬᠢᠨᠠᠮᠠᠭᠠᠢ ᠰᠣᠨᠣᠰᠬᠤ ᠬᠡᠷᠡᠭᠲᠡᠢ᠃ | ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠤᠯᠴᠠᠬᠤ ᠪᠤᠶᠤ | ᠬᠤᠷᠠᠯ ᠢ ᠰᠤᠯᠠ ᠰᠣᠨᠣᠰᠴᠤ᠂ ᠡᠯ᠎ᠡ ᠰᠠᠯᠠᠭ᠎ᠠ ᠮᠥᠴᠢᠷ ᠤᠨ ᠬᠢᠨ ᠤᠯᠠᠨ ᠠᠷᠭ᠎ᠠ ᠵᠠᠮ ᠢᠶᠠᠷ ᠰᠠᠨᠠᠭᠠᠴᠢᠯᠠᠭ᠎ᠠ ᠠᠴᠠ ᠪᠠᠨ | ᠲᠥᠯᠥᠭᠡᠯᠡᠭᠴᠢᠳ ᠪᠣᠯᠣᠨ ᠭᠡᠰᠢᠭᠦᠳ ᠲᠠᠢ ᠨᠡᠪᠲᠡᠷᠡᠯᠴᠡᠬᠦ ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠠᠴᠠ ᠠᠵᠢᠯᠲᠠᠨ ᠲᠣᠬᠢᠷᠠᠭᠤᠯᠵᠤ ᠦᠷᠭᠦᠯᠵᠢᠯᠡᠨ ᠲᠤᠬᠠᠢ ᠶᠢᠨ ᠲᠠᠯᠠᠪᠤᠷ ᠲᠤ ᠰᠠᠨᠠᠯ ᠰᠠᠨᠠᠭᠤᠯᠭ᠎ᠠ ᠶᠢ ᠰᠤᠯᠠ | ᠰᠣᠨᠣᠰᠤᠭᠤᠯᠵᠤ᠂ ᠰᠢᠢᠳᠪᠦᠷᠢᠯᠡᠬᠦ ᠴᠢᠬᠤᠯᠠᠲᠠᠢ ᠪᠠᠶᠢᠪᠠᠯ ᠴᠠᠭ ᠲᠤᠬᠠᠢ ᠳᠤ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ | ᠰᠢᠯᠵᠢᠭᠦᠯᠦᠨ ᠲᠤᠰᠢᠶᠠᠬᠤ ᠬᠡᠷᠡᠭᠲᠡᠢ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠳᠡᠭᠡᠳᠦ ᠬᠡᠮᠵᠢᠶᠡᠨ ᠤ | ᠬᠠᠷᠢᠭᠤᠴᠠᠯᠭᠠᠲᠤ ᠣᠪᠣᠷ ᠢᠶᠠᠷ ᠲᠥᠯᠥᠭᠡᠯᠡᠭᠴᠢᠳ ᠪᠠ ᠭᠡᠰᠢᠭᠦᠳ ᠤᠨ ᠰᠠᠨᠠᠯ ᠰᠠᠨᠠᠭᠤᠯᠭᠠᠶᠢ ᠰᠤᠳᠤᠯᠵᠤ᠂ ᠦᠨᠡᠨ ᠮᠡᠳᠡᠯᠭᠡ | ᠨᠡᠪᠲᠡᠷᠬᠡᠢ ᠦᠵᠡᠯᠲᠡ ᠶᠢ ᠢᠯᠡᠳᠬᠡᠯ ᠪᠠ ᠪᠣᠳᠠᠲᠠᠢ ᠠᠵᠢᠯ ᠤᠨ ᠳᠤᠮᠳᠠᠪᠠᠨ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ | ᠃ | ᠬᠤᠷᠠᠯ ᠠᠴᠠ ᠵᠢᠭᠠᠵᠤ ᠭᠠᠷᠭᠠᠬᠤ ᠳᠤ ᠪᠠᠨ᠂ ᠨᠢᠳᠤᠨᠤᠨ ᠵᠠᠬ᠎ᠠ ᠳᠡᠯᠭᠡᠭᠦᠷ ᠤᠨ ᠪᠠᠶᠢᠳᠠᠯ ᠤᠨ ᠬᠤᠪᠢᠷᠠᠯᠲᠠ ᠪᠣᠯᠣᠨ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠳᠤ ᠰᠢᠭᠤᠳ ᠬᠠᠨᠳᠤᠭᠤᠯᠵᠤ᠂ ᠶᠡᠭᠡ ᠬᠡᠪᠴᠢᠶᠡᠨ ᠤ ᠭᠠᠶᠢᠯᠢ ᠶᠢ | ᠪᠤᠴᠠᠭᠠᠬᠤ ᠭᠠᠶᠢᠯᠢ ᠶᠢ ᠬᠥᠩᠭᠡᠯᠡᠬᠦ ᠰᠦᠢᠳᠬᠡᠯ ᠢ ᠪᠠᠭᠤᠷᠠᠭᠤᠯᠬᠤ ᠪᠠ ᠭᠠᠶᠢᠯᠢ ᠰᠦᠢᠳᠬᠡᠯ ᠢ ᠬᠤᠶᠢᠰᠢᠯᠠᠭᠤᠯᠬᠤ ᠵᠡᠷᠭᠡ | ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠷᠬᠡ ᠲᠡᠭᠰᠢ ᠲᠦᠭᠡᠮᠡᠯ ᠬᠠᠷᠠᠭᠠᠯᠵᠠᠯ ᠲᠠᠢ ᠪᠠᠷ ᠵᠠᠬ᠎ᠠ ᠳᠡᠯᠭᠡᠭᠦᠷ ᠤᠨ ᠭᠤᠣᠯ | ᠴᠣᠭᠴᠠ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠶᠢ ᠬᠠᠪᠰᠤᠷᠤᠨ ᠲᠡᠳᠬᠦᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠬᠤ᠂ | ᠬᠤᠷᠸ᠎ᠠ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤ ᠵᠠᠩᠭᠢᠯᠠᠭ᠎ᠠ ᠶᠢᠨ ᠲᠤᠯᠭᠠᠭᠤᠷᠢᠯᠠᠬᠤ ᠦᠢᠯᠡᠳᠦᠯ | ᠦᠵᠡᠭᠦᠯᠪᠡ᠃ ᠡᠯ᠎ᠡ ᠭᠠᠵᠠᠷ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠶᠢ | ᠪᠣᠳᠣᠯᠬᠢᠯᠠᠵᠤ᠂ ᠦᠷ᠎ᠡ ᠪᠦᠲᠦᠮᠵᠢ ᠰᠠᠶᠢᠲᠠᠢ ᠠᠵᠢᠯ ᠪᠠ ᠲᠤᠰᠬᠠᠢ ᠵᠦᠢᠯ ᠤᠨ ᠴᠡᠭᠴᠡᠯᠡᠯᠲᠡ ᠪᠠᠷ ᠠᠵᠤ ᠠᠬᠤᠶᠢᠯᠠᠯ ᠳᠤ | ᠬᠤᠯᠪᠣᠭᠳᠠᠭᠰᠠᠨ ᠰᠦᠢᠳᠬᠡᠯ ᠬᠤᠷᠢᠶᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠᠶᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠣᠯᠬᠤ ᠶᠢ ᠠᠬᠢᠭᠤᠯᠵᠤ᠂ ᠡᠭᠦᠨ ᠳᠤ 14 ᠵᠦᠢᠯ ᠤᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ | ᠰᠦᠢᠳᠬᠡᠯ ᠬᠤᠷᠢᠶᠠᠯᠲᠠ ᠪᠠ ᠬᠡᠰᠡᠭ ᠪᠠᠲᠤᠯᠠᠭ᠎ᠠ ᠶᠢᠨ ᠮᠥᠩᠭᠦ ᠶᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ᠂ | ᠰᠦᠢᠳᠬᠡᠯ ᠬᠤᠷᠢᠶᠠᠬᠤ ᠵᠠᠰᠠᠮᠠᠯ ᠵᠠᠮ ᠤᠨ ᠪᠠᠷᠠᠭᠠᠨ ᠤ ᠲᠡᠷᠭᠡ ᠠᠴᠠ ᠬᠤᠷᠢᠶᠠᠬᠤ ᠰᠦᠢᠳᠬᠡᠯ ᠢ ᠬᠠᠰᠤᠵᠤ ᠬᠡᠯᠲᠦᠷᠢᠭᠦᠯᠬᠦ᠂ | ᠭᠠᠷᠠᠮ ᠤᠨ ᠬᠤᠷᠢᠶᠠᠬᠤ ᠰᠦᠢᠳᠬᠡᠯ ᠢ ᠬᠠᠰᠤᠵᠤ ᠨᠡᠶᠢᠯᠡᠭᠦᠯᠬᠦ᠂ ᠤᠰᠤ ᠴᠠᠬᠢᠯᠭᠠᠨ ᠬᠡᠢ ᠬᠡᠷᠡᠭᠯᠡᠬᠦ ᠰᠦᠢᠳᠬᠡᠯ ᠤᠨ | ᠨᠥᠬᠦᠪᠦᠷᠢ ᠣᠯᠭᠤᠬᠤ ᠵᠡᠷᠭᠡ ᠶᠢ ᠪᠠᠭᠲᠠᠭᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠦᠢᠳᠬᠡᠯ ᠪᠤᠳᠤᠬᠤ | ᠦᠢᠯᠡᠴᠢᠯᠡᠭᠡᠨ ᠤ ᠦᠨ᠎ᠡ ᠶᠢ ᠪᠠᠭᠤᠷᠠᠭᠤᠯᠬᠤ ᠶᠢ ᠰᠢᠮᠳᠠᠭᠤᠯᠤᠨ ᠵᠢᠯᠤᠭᠤᠳᠴᠤ᠂ ᠠᠵᠢᠯ ᠲᠥᠷᠥᠯ ᠤᠨ ᠨᠡᠶᠢᠭᠡᠮᠯᠢᠭ ᠪᠠ | ᠬᠤᠳᠠᠯᠳᠤᠭᠠᠨ ᠤ ᠡᠪᠯᠡᠯ ᠤᠨ ᠰᠦᠢᠳᠬᠡᠯ ᠬᠤᠷᠢᠶᠠᠯᠲᠠ ᠶᠢ ᠬᠠᠰᠤᠨ ᠬᠡᠯᠲᠦᠷᠢᠭᠦᠯᠵᠦ᠂ ᠲᠤᠰᠬᠠᠢ ᠴᠡᠭᠴᠡᠯᠡᠨ ᠵᠠᠰᠠᠯᠲᠠ ᠳᠤ | ᠬᠤᠯᠪᠣᠭᠳᠠᠭᠰᠠᠨ ᠵᠣᠭᠤᠰ ᠤᠨ ᠲᠤᠭ᠎ᠠ 2100 ᠳ᠋ᠦᠩᠰᠢᠭᠤᠷ ᠲᠥᠭᠦᠷᠢᠭ ᠢ ᠳᠠᠪᠠᠪᠠ︔ ᠡᠭᠦᠨ ᠤ ᠵᠡᠷᠭᠡ ᠳᠤ ᠠᠵᠤ | ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠵᠦ ᠰᠦᠢᠳᠬᠡᠯ ᠬᠤᠷᠢᠶᠠᠭᠰᠠᠨ ᠢ ᠴᠢᠩᠭ᠎ᠠ ᠴᠡᠭᠴᠡᠯᠡᠨ ᠵᠠᠰᠠᠵᠤ | ᠂ ᠪᠦᠬᠦ ᠤᠯᠤᠰ ᠲᠤ ᠬᠤᠯᠪᠣᠭᠳᠠᠯ ᠪᠦᠬᠦᠢ ᠠᠰᠠᠭᠤᠳᠠᠯ ᠢ ᠨᠡᠶᠢᠲᠡ 7700 ᠭᠠᠷᠤᠢ ᠪᠠᠶᠢᠴᠠᠭᠠᠨ ᠰᠢᠢᠳᠪᠦᠷᠢᠯᠡᠵᠦ᠂ | ᠬᠤᠯᠪᠣᠭᠳᠠᠭᠰᠠᠨ ᠵᠣᠭᠤᠰ ᠤᠨ ᠲᠤᠭ᠎ᠠ 50 ᠭᠠᠷᠤᠢ ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦᠨ ᠢ ᠴᠡᠭᠴᠡᠯᠡᠨ | ᠵᠠᠰᠠᠬᠤ ᠪᠠᠷ ᠱᠠᠭᠠᠷᠳᠠᠪᠠ ᠭᠡᠵᠡᠢ᠃ ᠬᠤᠷᠠᠯ ᠠᠴᠠ᠂ ᠣᠳᠣᠬᠠᠨ ᠳᠤ ᠠᠵᠤ ᠠᠬᠤᠢ ᠶᠢᠨ ᠨᠡᠮᠡᠭᠳᠡᠯ ᠶᠠᠭ ᠲᠣᠭᠲᠠᠭᠤᠨᠢᠶ᠋ᠠᠷ | ᠳᠡᠭᠡᠭᠰᠢᠯᠡᠵᠦ ᠪᠠᠶᠢᠭ᠎ᠠ ᠪᠣᠯᠪᠠᠴᠤ ᠮᠥᠨ ᠬᠦ ᠮᠠᠰᠢ ᠤᠯᠠᠨ ᠥᠷᠢᠰᠦᠯᠳᠦᠭᠡᠨ ᠳᠤ ᠲᠤᠯᠭᠠᠷᠠᠵᠤ᠂ ᠳᠤᠮᠳᠠ ᠵᠢᠵᠢᠭ ᠪᠢᠴᠢᠯ | ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠮᠥᠨ ᠬᠦ ᠨᠡᠯᠢᠶᠡᠳ | ᠬᠦᠴᠢᠷᠳᠡᠯᠲᠡᠢ ᠪᠠᠶᠢᠨ᠎ᠠ᠂ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠭᠰᠡᠨ ᠰᠦᠢᠳᠬᠡᠯ | ᠬᠤᠷᠢᠶᠠᠯᠲᠠ ᠶᠢ ᠴᠡᠭᠴᠡᠯᠡᠨ ᠵᠠᠰᠠᠬᠤ ᠶᠢ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠲᠠᠢ ᠨᠢᠭᠲᠠ ᠤᠶᠠᠯᠳᠤᠭᠤᠯᠬᠤ ᠬᠡᠷᠡᠭᠲᠡᠢ᠃ ᠨᠢᠭᠡᠨᠲᠡ ᠨᠡᠶᠢᠲᠡᠯᠡᠭᠰᠡᠨ | ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠲᠦᠷᠤ ᠶᠢᠨ ᠪᠣᠳᠣᠯᠭ᠎ᠠ ᠪᠠ ᠵᠠᠯᠭᠠᠮᠵᠢ ᠠᠷᠭ᠎ᠠ ᠬᠡᠮᠵᠢᠶ᠎ᠡ ᠶᠢᠨ ᠳᠣᠲᠣᠷᠠᠬᠢ | ᠵᠠᠷᠢᠮ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠤ ᠶᠢᠨ ᠪᠣᠳᠣᠯᠭ᠎ᠠ ᠨᠢ ᠮᠥᠨ ᠬᠦ ᠦᠢᠯᠡᠳᠦᠯ ᠢᠶᠠᠨ | ᠪᠠᠳᠠᠷᠠᠭᠤᠯᠬᠤ ᠣᠷᠣᠨ ᠵᠠᠢ ᠲᠠᠢ ᠪᠣᠯᠬᠤᠷ ᠨᠠᠶᠢᠳᠠᠪᠤᠷᠢᠵᠢᠭᠤᠯᠤᠯᠲᠠ ᠶᠢ ᠭᠦᠨᠵᠡᠭᠡᠢ ᠰᠠᠶᠢᠲᠤᠷ ᠠᠳᠬᠤᠬᠤ ᠬᠡᠷᠡᠭᠲᠡᠢ᠃ | ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠲᠡᠰᠬᠡᠨ | ᠲᠠᠲᠠᠪᠤᠷᠢᠯᠠᠬᠤ ᠶᠠᠪᠤᠳᠠᠯ ᠢ ᠡᠷᠡᠰ ᠬᠤᠷᠢᠭᠯᠠᠨ ᠵᠣᠭᠰᠣᠭᠠᠵᠤ᠂ ᠤᠷᠳᠤ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ | ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠤᠯᠠᠨ ᠵᠦᠢᠯᠦᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠬ᠎ᠠ | ᠳᠡᠯᠭᠡᠭᠦᠷ ᠤᠨ ᠵᠢᠱᠢᠯᠲᠡ ᠶᠢ ᠬᠥᠭᠵᠢᠭᠡᠵᠦ᠂ ᠠᠵᠤ ᠠᠬᠤᠢ ᠶᠢᠨ ᠨᠡᠮᠡᠭᠳᠡᠯ ᠤᠨ ᠲᠣᠭᠲᠠᠭᠤᠨ ᠢᠶᠠᠷ ᠳᠡᠭᠡᠭᠰᠢᠯᠡᠬᠦ ᠬᠠᠨᠳᠤᠰᠢ ᠶᠢ | ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠤᠰᠤᠳ ᠵᠦᠢᠯ ᠢ ᠰᠤᠳᠤᠯᠪᠠ᠃ | 李克强主持召开国务院常务会议 听取全国两会建议 | 提案办理情况汇报 部署做好今年全国两会听取代表和委 | 员意见建议工作等 | 新华社北京2月22日电 国务院总理李克强2月22日主持召 | 开国务院常务会议,听取全国两会建议提案办理情况汇 | 报,部署做好今年全国两会听取代表和委员意见建议工 | 作;听取落实涉企收费优惠政策和整治违规收费情况汇 | 报,要求进一步巩固整治乱收费成果。 | 会议指出,政府的权力来自人民,施政必须顺应民之所望 | 。办理全国人大代表建议和政协委员提案,是政府听取民 | 意、接受人民监督的内在要求,是科学民主决策、改进工 | 作、凝聚共识的重要举措。国务院高度重视此项工作,每 | 年都召开国务院常务会议听取办理情况汇报。去年国务 | 院各部门共办理代表建议8721件、委员提案5865件,分别 | 占建议、提案总数的94.8%、95%。过去5年,累计采纳代表 | 和委员意见建议1.8万多条,出台相关政策措施7800多项, | 推动解决了一大批关系改革发展和人民群众急难愁盼的 | 问题。各部门把办理建议提案作为年度重点任务,积极探 | 索创新,普遍建立分级负责、台账管理、跟踪督办、一一 | 回复等机制,形成较为完善的规范制度;密切与代表和委 | 员沟通,强化办前、办中、办后对接交流,由“文来文往 | ”变为更加注重“人来人往”;不断提升办理实效,研究解 | 决深层次症结,推动成果转化为实实在在的举措,以点带 | 面促进实际工作。今年全国两会在即,要总结以往好的做 | 法,认真听取代表和委员意见建议。国务院部门负责人要 | 列席或旁听会议,各部门要多渠道主动与代表和委员沟 | 通。国务院办公厅要继续安排工作人员现场旁听意见建 | 议,对需要办理的及时转交相关部门。对代表和委员关于 | 政府工作报告的意见建议,要以高度负责的态度研究,把 | 真知灼见体现到报告和实际工作中。 | 会议指出,去年直面市场形势变化和市场主体需求 | ,实施大规模退税减税降费、缓税缓费等政策,公平普惠 | 帮扶市场主体尤其是中小微企业和个体工商户渡难关, | 为稳就业保民生、稳住宏观经济大盘发挥了关键支撑作 | 用。各地区各有关部门着眼大局,以富有成效的工作和专 | 项整治,推动涉企收费优惠政策落地见效,包括阶段性缓 | 缴14项行政事业性收费和部分保证金、减免收费公路货车 | 通行费、减并港口收费、给予用水用电用气费用补贴等, | 督促指导金融机构下调计费服务价格、行业协会商会减 | 免收费,专项整治涉及金额超过2100亿元;同时严肃整治 | 涉企违规收费,全国共查处相关问题7700多个,涉及金额 | 50多亿元,已全部要求整改。会议强调,当前经济增长正 | 在企稳回升,但仍面临诸多挑战,中小微企业、个体工商 | 户经营仍较困难,要把整治涉企违规收费与落实助企纾 | 困政策、优化营商环境、激发市场活力紧密结合起来。已 | 出台的稳经济一揽子政策和接续措施中的一些减税降费 | 政策仍有发挥效应的空间,要深入抓好落实。坚决制止乱 | 收费、乱罚款、乱摊派,健全长效监管机制。多措并举提 | 振市场预期,巩固经济增长企稳回升势头。 | 会议研究了其他事项。 | |