ᠲᠣᠭᠲᠠᠬᠤ ᠰᠢᠶᠠᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠲᠤᠬᠠᠢ ᠶᠢᠨ ᠲᠠᠯᠠᠪᠠᠢ ᠶᠢᠨ ᠲᠠᠨᠢᠯᠴᠠᠭᠤᠯᠭ᠎ᠠ ᠶᠢᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/2/27
     ᠪᠥᠬᠦ ᠵᠢᠯ ᠤᠨ ᠲᠠᠷᠢᠶᠠᠯᠠᠩ ᠤᠨ ᠠᠵᠢᠯ ᠤᠨ ︽ᠡᠬᠢᠯᠡᠯᠲᠡ ᠶᠢᠨ ᠲᠠᠩᠰᠠ︾ ᠪᠣᠯᠤᠭᠰᠠᠨ ᠤ ᠬᠤᠪᠢ ᠳᠤ᠂ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠨᠢ ᠲᠦᠭ ᠲᠦᠮᠡᠨ ᠠᠶᠢᠯ ᠡᠷᠦᠬᠡ ᠶᠢᠨ ︽ᠠᠮᠤ ᠪᠤᠳᠠᠭᠠᠨ ᠤ ᠤᠭᠤᠲᠠ︾ ᠪᠠ ︽ᠢᠳᠡᠰᠢᠨ ᠨᠣᠭᠤᠭ᠎ᠠ︾ ᠳᠤ ᠬᠤᠯᠪᠣᠭᠳᠠᠵᠤ᠂ ᠪᠥᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠪᠠ ᠲᠠᠷᠢᠶᠠᠯᠠᠩ ᠤᠨ ᠡᠯᠪᠡᠭ ᠬᠤᠷᠢᠶᠠᠯᠲᠠ ᠶᠢᠨ ᠰᠠᠭᠤᠷᠢ ᠪᠣᠯᠤᠭᠰᠠᠨ ᠪᠠᠶᠢᠨ᠎ᠠ᠃      2 ᠳ᠋ᠤᠭᠠᠷ ᠰᠠᠷ᠎ᠠ ᠶᠢᠨ 24  ᠤ ᠡᠳᠦᠷ᠂ ᠲᠣᠭᠲᠠᠬᠤ ᠰᠢᠶᠠᠨ ᠤ ᠸᠠᠩ ᠮᠢᠶᠣᠣ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠲᠤᠰᠬᠠᠢ ᠬᠤᠷᠰᠢᠶ᠎ᠠ ᠳᠤ ᠮᠠᠰᠢ ᠬᠦᠷ ᠬᠥᠭᠵᠢᠶᠡᠨ ᠲᠠᠢ ᠪᠠᠶᠢᠵᠤ᠂ ᠬᠤᠷᠰᠢᠶ᠎ᠠ ᠶᠢᠨ ᠠᠵᠢᠯᠲᠠᠳ ᠬᠦᠷᠦᠯᠴᠡᠨ ᠢᠷᠡᠭᠰᠡᠨ ᠤᠯᠠᠨ ᠲᠦᠮᠡᠨ ᠳᠤ ᠲᠠᠷᠢᠮᠠᠯ ᠤᠨ ᠶᠠᠪᠤᠴᠠ ᠳᠤ ᠪᠣᠷᠳᠣᠭᠤᠷ ᠬᠡᠷᠡᠭᠯᠡᠬᠦ ᠠᠰᠠᠭᠤᠳᠠᠯ᠂ ᠦᠷ᠎ᠡ ᠰᠣᠩᠭᠤᠵᠤ ᠴᠢᠬᠢ ᠪᠣᠶᠢᠵᠢᠭᠤᠯᠬᠤ ᠮᠡᠳᠡᠯᠭᠡ ᠪᠣᠯᠣᠨ ᠰᠢᠨ᠎ᠡ ᠡᠭᠦᠯᠳᠡᠷ ᠤᠨ ᠦᠷ᠎ᠡ ᠲᠠᠷᠢᠬᠤ ᠤᠷ᠎ᠠ ᠮᠡᠷᠭᠡᠵᠢᠯ ᠢ ᠲᠠᠶᠢᠯᠪᠤᠷᠢᠯᠠᠨ ᠥᠭᠴᠦ ᠪᠠᠶᠢᠨ᠎ᠠ᠃ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠨᠠᠷᠢᠨ ᠬᠢᠨᠠᠮᠠᠭᠠᠢ ᠰᠣᠨᠣᠰᠴᠤ᠂ ᠨᠠᠷᠢᠨ ᠨᠢᠮᠪᠠᠢ ᠲᠡᠮᠳᠡᠭᠯᠡᠯ ᠬᠢᠵᠦ᠂ ᠪᠠᠶᠢᠨ ᠪᠠᠶᠢᠨ ᠬᠡᠳᠦᠨ ᠵᠦᠢᠯ ᠤᠨ ᠦᠷ᠎ᠡ ᠶᠢ ᠠᠪᠴᠢᠷᠠᠵᠤ ᠨᠠᠷᠢᠯᠢᠭ ᠬᠠᠷᠢᠴᠠᠭᠤᠯᠵᠤ᠂ ᠤᠳᠠᠯ ᠦᠭᠡᠢ ᠢᠷᠡᠬᠦ ᠭᠡᠵᠦ ᠪᠠᠶᠢᠭ᠎ᠠ ᠬᠠᠪᠤᠷ ᠤᠨ ᠲᠠᠷᠢᠶᠠᠯᠠᠭ᠎ᠠ ᠳᠠᠭᠠᠨ ᠦᠷ᠎ᠡ ᠰᠣᠩᠭᠤᠵᠤ ᠪᠣᠷᠳᠣᠭᠤᠷ ᠬᠤᠳᠠᠯᠳᠤᠨ ᠠᠪᠬᠤ ᠪᠡᠯᠡᠳᠬᠡᠯ ᠬᠢᠵᠦ ᠪᠠᠶᠢᠯ᠎ᠠ᠃      ︽ᠠᠮᠤ ᠪᠤᠳᠠᠭ᠎ᠠ ᠶᠢ ᠢᠯᠡᠭᠦᠦ ᠬᠤᠷᠢᠶᠠᠬᠤ ᠳᠤ ᠲᠥᠷᠥᠯ ᠵᠦᠢᠯ ᠨᠢ ᠮᠠᠰᠢ ᠴᠢᠬᠤᠯᠠ ᠪᠠᠶᠢᠳᠠᠭ᠂ ᠡᠭᠦᠨ ᠳᠤ ᠨᠡᠷ᠎ᠡ ᠬᠦᠨᠳᠦ ᠪᠠᠷ ᠰᠠᠶᠢᠨ᠂ ᠡᠷᠭᠢᠵᠦ ᠢᠷᠡᠭᠰᠡᠨ ᠵᠣᠴᠢᠨ ᠣᠯᠠᠨᠲᠠᠢ ᠦᠷ᠎ᠡ ᠶᠢᠨ ᠲᠥᠷᠥᠯ ᠵᠦᠢᠯ ᠪᠣᠯ ᠨᠠᠷᠠᠰᠤᠨ ᠤ ᠢᠵᠠᠭᠤᠷ 706᠂ ᠨᠠᠷᠠᠰᠤᠨ ᠤ ᠰᠤᠳᠤᠯᠤᠯ ᠨᠢᠭᠡᠳᠦᠭᠡᠷ᠂ ᠨᠠᠷᠠᠰᠤᠨ ᠤ ᠢᠵᠠᠭᠤᠷ 709 ᠪᠣᠯᠣᠨ᠎ᠠ᠂ ᠡᠳᠡᠭᠡᠷ ᠦᠷ᠎ᠡ  ᠶᠢᠨ ᠣᠨᠴᠠᠯᠢᠭ ᠪᠣᠯ ᠠᠮᠤ ᠪᠤᠳᠠᠭᠠᠨ ᠤ ᠴᠢᠨᠠᠷ ᠰᠠᠶᠢᠨ᠂ ᠭᠠᠷᠤᠯᠲᠠ ᠨᠢ ᠨᠡᠩ ᠥᠨᠳᠥᠷ ᠪᠤᠯᠭᠠᠨ᠎ᠠ ᠭᠡᠵᠦ ᠵᠢᠭᠠᠵᠤ ᠭᠠᠷᠭᠠᠵᠠᠢ᠃      ᠲᠠᠷᠢᠶᠠᠨ ᠦᠷ᠎ᠡ ᠪᠠ ᠲᠠᠷᠢᠶᠠᠯᠠᠩ ᠤᠨ ᠬᠡᠷᠡᠭᠰᠡᠯ ᠤᠨ ᠲᠠᠨᠢᠯᠴᠠᠭᠤᠯᠭ᠎ᠠ ᠬᠢᠬᠦ ᠠᠴᠠ ᠭᠠᠳᠠᠨ᠎ᠠ᠂ ᠲᠤᠬᠠᠢ ᠶᠢᠨ ᠲᠠᠯᠠᠪᠠᠶ ᠶᠢᠨ ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠠᠵᠢᠯᠲᠠᠳ ᠴᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠶᠠᠭᠠᠷᠠᠯᠲᠠᠢ ᠶᠠᠪᠤᠭᠳᠠᠭᠤᠯᠵᠤ ᠪᠠᠶᠢᠯ᠎ᠠ᠃ ᠰᠢᠨ᠎ᠡ ᠰᠣᠷᠭᠤᠭ ᠳᠦᠷᠢᠮᠲᠦ ᠬᠤᠪᠴᠠᠰᠤ᠂ ᠬᠠᠯᠠᠭᠤᠮᠰᠤᠭ ᠦᠢᠯᠡᠴᠢᠯᠡᠭᠡ ᠪᠣᠯᠣᠨ ᠲᠤᠰᠬᠠᠢ ᠮᠡᠷᠭᠡᠵᠢᠯ ᠤᠨ ᠲᠠᠶᠢᠯᠤᠮᠵᠢ ᠨᠢ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠷᠢᠯᠳᠦᠭᠦᠯᠵᠡᠢ᠃      ︽ᠪᠢᠳᠡ ᠠᠵᠢᠯ ᠤᠨ ᠠᠷᠭ᠎ᠠ ᠪᠠᠨ ᠬᠤᠪᠢᠷᠠᠭᠤᠯᠵᠤ᠂ ᠥᠩᠭᠡᠷᠡᠭᠰᠡᠨ ᠤ ︿ᠬᠡᠷᠡᠭ ᠤᠨ ᠳᠠᠷᠠᠭ᠎ᠠ ᠰᠢᠢᠳᠪᠦᠷᠢᠯᠡᠬᠦ﹀ ᠪᠠᠶᠢᠭᠰᠠᠨ ᠠᠴᠠ ᠪᠠᠨ ᠣᠲᠣ ᠶᠢᠨ ︿ᠬᠡᠷᠡᠭ ᠤᠨ ᠡᠮᠦᠨ᠎ᠡ ᠰᠡᠷᠭᠡᠶᠢᠯᠡᠬᠦ﹀ ᠪᠠ ︿ᠬᠡᠷᠡᠭ ᠤᠨ ᠳᠤᠮᠳᠠ ᠬᠢᠨᠠᠯᠲᠠ ᠲᠠᠯᠪᠢᠬᠤ﹀ ᠪᠣᠯᠵᠤ ᠬᠤᠪᠢᠷᠠᠵᠠᠢ᠃ ᠵᠢᠯ ᠪᠦᠷᠢ ᠶᠢᠨ ᠴᠠᠭᠠᠨ ᠰᠠᠷ᠎ᠠ ᠥᠩᠭᠡᠷᠡᠭᠰᠡᠨ ᠤ ᠳᠠᠷᠠᠭ᠎ᠠ᠂ ᠪᠥᠬᠦ ᠰᠢᠶᠠᠨ ᠤ ᠬᠡᠪᠴᠢᠶᠡᠨ ᠳᠤ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠲᠤ ᠴᠣᠬᠢᠯᠲᠠ ᠥᠭᠬᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠪᠦᠬᠦ ᠰᠢᠶᠠᠨ ᠤ 70 ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠡᠷᠦᠬᠡ ᠳᠤ ᠬᠠᠤᠯᠢ ᠬᠡᠷᠡᠭᠵᠢᠭᠦᠯᠦᠯᠲᠡ ᠶᠢᠨ ᠲᠤᠰᠬᠠᠢ ᠪᠠᠶᠢᠴᠠᠭᠠᠯᠲᠠ ᠬᠢᠵᠦ᠂ ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠦᠢᠯᠡᠳᠪᠦᠷᠢᠯᠡᠬᠦ᠂ ᠡᠵᠡᠩᠨᠡᠬᠦ᠂ ᠶᠠᠪᠤᠭᠤᠯ ᠬᠤᠳᠠᠯᠳᠤᠭᠠᠴᠢᠨ᠂ ︿ᠬᠠᠭᠤᠷᠤᠨ ᠮᠡᠬᠡᠯᠡᠬᠦ ᠪᠦᠯᠬᠦᠮ﹀ ᠵᠡᠷᠭᠡ ᠬᠠᠤᠯᠢ ᠠᠴᠠ ᠵᠥᠷᠢᠴᠡᠭᠰᠡᠨ ᠡᠵᠡᠩᠨᠡᠯᠲᠡ ᠶᠢᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠬᠤᠣᠷ ᠶᠡᠬᠡᠲᠡᠢ ᠲᠠᠷᠢᠶᠠᠨ ᠡᠮ ᠢ ᠬᠠᠤᠯᠢ ᠪᠤᠰᠤ ᠪᠠᠷ ᠦᠢᠯᠡᠳᠪᠦᠷᠢᠯᠡᠨ ᠡᠵᠡᠩᠨᠡᠵᠦ᠂ ᠪᠣᠷᠳᠣᠭᠤᠷ ᠤᠨ ᠠᠰᠢᠭᠲᠤ ᠪᠦᠷᠢᠯᠳᠦᠭᠦᠨ ᠨᠢ ᠬᠦᠷᠦᠯᠴᠡᠬᠦ ᠦᠭᠡᠢ᠂ ᠠᠭᠤᠯᠤᠭᠳᠠᠴᠠ ᠨᠢ ᠬᠠᠭᠤᠷᠮᠠᠭ ᠪᠠᠶᠢᠬᠤ ᠵᠢᠴᠢ ᠰᠢᠮ᠎ᠡ ᠲᠡᠵᠢᠭᠡᠯ ᠢ ᠬᠤᠯᠠᠭᠤᠨ ᠰᠣᠯᠢᠬᠤ᠂ ᠦᠷ᠎ᠡ ᠶᠢ ᠦᠨᠡᠮᠯᠡᠯ ᠦᠭᠡᠢ ᠪᠠᠷ ᠦᠢᠯᠡᠳᠪᠦᠷᠢᠯᠡᠬᠦ᠂ ᠬᠠᠭᠤᠷᠮᠠᠭ ᠮᠠᠭᠤ ᠡᠷᠬᠡ ᠳᠤ ᠬᠠᠯᠳᠠᠬᠤ ᠵᠡᠷᠭᠡ ᠠᠰᠠᠭᠤᠳᠠᠯ ᠢ ᠴᠢᠩᠭ᠎ᠠ ᠠᠩᠬᠠᠷᠬᠤ ᠬᠡᠷᠡᠭᠲᠡᠢ᠃ ᠰᠦᠪᠡᠭᠴᠢ ᠶᠢ ᠡᠴᠦᠰ ᠲᠤᠨᠢ ᠲᠤᠯᠲᠠᠯ᠎ᠠ ᠪᠠᠶᠢᠴᠠᠭᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠤᠷᠤᠭᠰᠢᠲᠠᠢ ᠡᠬᠢᠯᠡᠯᠲᠡ ᠶᠢ ᠠᠬᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠪᠦᠬᠦ ᠵᠢᠯ ᠤᠨ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠪᠠᠲᠤ ᠴᠢᠩᠭ᠎ᠠ ᠥᠮᠥᠭ ᠲᠦᠰᠢᠭ ᠢ ᠴᠣᠭᠴᠠᠯᠠᠨ ᠪᠠᠶᠢᠭᠤᠯᠤᠨ᠎ᠠ︾ ᠭᠡᠵᠦ ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ ᠮᠦ ᠷᠦᠢ ᠭᠤᠸᠠᠩ ᠬᠡᠯᠡᠪᠡ᠃      ᠣᠶᠢᠯᠠᠭᠠᠭᠰᠠᠨ ᠢᠶᠠᠷ᠂ ᠣᠳᠣᠬᠠᠨ ᠳᠤ ᠪᠥᠬᠦ ᠰᠢᠶᠠᠨ ᠤ ᠦᠷ᠎ᠡ ᠶᠢᠨ ᠨᠥᠭᠡᠴᠡ 263.6 ᠲᠣᠨ᠂ ᠲᠠᠷᠢᠶᠠᠨ ᠡᠮ 7.9 ᠲᠣᠨ᠂ ᠰᠦᠯᠢᠶᠥᠦ ᠪᠦᠷᠬᠦᠪᠴᠢ 290 ᠲᠣᠨ᠂ ᠪᠣᠷᠳᠣᠭᠤᠷ 7546 ᠲᠣᠨ ᠪᠠᠶᠢᠵᠤ᠂ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠦᠷ᠎ᠡ᠂ ᠬᠢᠮᠢ ᠶᠢᠨ ᠪᠣᠷᠳᠣᠭᠤᠷ᠂ ᠲᠠᠷᠢᠶᠠᠨ ᠡᠮ ᠵᠡᠷᠭᠡ ᠡᠯ᠎ᠡ ᠲᠥᠷᠥᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠭᠦᠢᠴᠡᠳ ᠪᠠᠶᠢᠨ᠎ᠠ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠬᠤ ᠪᠣᠯ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠭᠠᠷᠤᠯᠲᠠ ᠶᠢ ᠨᠡᠮᠡᠭᠳᠡᠭᠦᠯᠦᠨ ᠣᠷᠣᠯᠭ᠎ᠠ ᠶᠢ ᠨᠡᠮᠡᠭᠳᠡᠭᠦᠯᠬᠦ ᠶᠢᠨ ᠭᠤᠣᠯᠳᠠᠯᠭ᠎ᠠ ᠮᠥᠨ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠲᠣᠭᠲᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠳᠤ ᠲᠤᠶᠢᠯ ᠤᠨ ᠴᠢᠬᠤᠯᠠ ᠦᠢᠯᠡᠳᠦᠯ ᠦᠵᠡᠭᠦᠯᠵᠦ᠂ ᠪᠦᠬᠦ ᠰᠢᠶᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠯᠬᠤᠮ ᠢ ᠠᠯᠬᠤᠬᠤ᠂ ᠲᠠᠷᠢᠶᠠᠯᠠᠩ ᠤᠨ ᠬᠦᠴᠦᠷᠬᠡᠭ ᠰᠢᠶᠠᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1