ᠲᠣᠭᠲᠠᠬᠤ ᠰᠢᠶᠠᠨ ᠤ ᠳᠤᠮᠳᠠᠳᠤ ᠪᠠᠭ᠎ᠠ ᠰᠤᠷᠭᠠᠭᠤᠯᠢ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠭᠡᠬᠦ ᠭᠤᠣᠯ ᠰᠡᠳᠦᠪᠲᠦ ᠬᠥᠮᠦᠵᠢᠯ ᠤᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/2/28
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ  ᠲᠤᠤᠱᠯᠠᠭᠤᠯᠵᠦ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ︽ᠬᠥᠮᠥᠨ ᠤ ᠠᠮᠢᠳᠤᠷᠠᠯ ᠤᠨ ᠠᠩᠬᠠᠨ ᠤ ᠵᠠᠩᠭᠢᠯᠠᠭ᠎ᠠ ᠶᠢ ᠰᠠᠶᠢᠲᠤᠷ ᠠᠳᠬᠠᠤᠶ᠎ᠠ︾ ᠭᠤᠣᠯ ᠰᠡᠳᠦᠪᠲᠦ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠬᠥᠮᠥᠵᠢᠭᠦᠯᠦᠨ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠤᠯᠤᠰ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠤᠷᠤᠭᠰᠢᠯᠠᠨ ᠲᠠᠪᠰᠢᠬᠤ ᠵᠠᠩ ᠰᠤᠷᠲᠠᠯ ᠢ ᠪᠤᠢ ᠪᠣᠯᠭᠠᠵᠤ᠂ ᠴᠡᠭᠡᠵᠢ ᠳᠦᠭᠦᠷᠡᠩ ᠬᠠᠷᠢᠭᠤᠴᠠᠯᠭ᠎ᠠ ᠡᠭᠦᠷᠭᠡᠯᠡᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠢ ᠬᠦᠴᠦᠯᠡᠨ ᠬᠦᠮᠦᠵᠢᠭᠦᠯᠬᠦ ᠶᠢᠨ ᠲᠦᠯᠦᠭᠡ᠂ 2 ᠳ᠋ᠤᠭᠠᠷ ᠰᠠᠷ᠎ᠠ ᠶᠢᠨ 27 ᠤ ᠡᠳᠦᠷ᠂ ᠲᠣᠭᠲᠠᠬᠤ ᠰᠢᠶᠠᠨ ᠤ ᠳᠤᠮᠳᠠᠳᠤ ᠪᠠᠭ᠎ᠠ ᠰᠤᠷᠭᠠᠭᠤᠯᠢ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ ︾ ᠢᠶᠠᠷ ᠳᠠᠮᠵᠢᠭᠤᠯᠤᠨ ᠪᠠᠶᠠᠯᠢᠭ ᠰᠠᠶᠢᠬᠠᠨ ᠭᠤᠣᠯ ᠰᠡᠳᠦᠪᠲᠦ ᠰᠤᠷᠭᠠᠨ ᠬᠥᠮᠦᠵᠢᠯ ᠤᠨ ᠰᠢᠷᠢᠰ ᠠᠵᠢᠯᠯᠠᠭ᠎ᠠ ᠶᠢ ᠥᠷᠨᠢᠭᠦᠯᠪᠡ᠃      ᠰᠤᠷᠭᠠᠭᠤᠯᠢ ᠡᠬᠢᠯᠡᠭᠰᠡᠨ ᠤ ᠲᠠᠷᠠᠭ᠎ᠠ᠂ ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠬᠴᠢ ᠨᠡᠶᠢᠳᠡ 22000 ᠭᠠᠷᠤᠢ ᠬᠥᠮᠥᠨ ︽ᠬᠤᠷᠢᠳᠤᠭᠠᠷ ᠶᠡᠭᠡ ᠬᠤᠷᠠᠯ ᠠᠴᠠ ᠰᠤᠷᠤᠯᠴᠠᠵᠤ᠂ ᠡᠭᠦᠷᠢᠳᠡ ᠨᠠᠮ ᠢᠶᠠᠨ ᠲᠠᠭᠠᠵᠥ᠂ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠤᠯᠤᠰ ᠤᠨ ᠲᠤᠭ ᠮᠠᠨᠳᠤᠭᠤᠯᠬᠤ ᠶᠣᠰᠣᠯᠠᠯ ᠳᠤ ᠣᠷᠣᠯᠴᠠᠵᠤ᠂ ᠰᠦᠷ ᠵᠢᠪᠬᠤᠯᠠᠩᠲᠤ ᠤᠯᠤᠰ ᠤᠨ ᠳᠠᠭᠤᠤ ᠶᠢᠨ ᠲᠤᠮᠳᠠ᠂ ᠲᠠᠪᠤᠨ ᠣᠳᠣᠲᠤ ᠤᠯᠠᠭᠠᠨ ᠲᠤᠭ ᠠᠯᠭᠤᠷᠬᠠᠨ ᠢᠶᠠᠷ ᠮᠠᠨᠳᠤᠵᠤ᠂ ᠪᠠᠭᠰᠢ ᠰᠤᠷᠤᠭᠴᠢᠳ ᠬᠠᠮᠲᠤᠪᠠᠷ ᠤᠯᠤᠰ ᠤᠨ ᠲᠤᠭ ᠲᠤ ᠶᠣᠰᠣᠯᠠᠵᠤ᠂ ᠡᠬᠡ ᠤᠯᠤᠰ ᠲᠠᠭᠠᠨ ᠬᠢᠵᠠᠭᠠᠯᠠᠰᠢ ᠦᠭᠡᠢ ᠬᠠᠶᠢᠷ᠎ᠠ ᠬᠠᠯᠠᠮᠵᠢ ᠪᠣᠯᠣᠨ ᠦᠨᠡᠨᠴᠢ ᠰᠢᠳᠤᠷᠭᠤ ᠪᠠᠨ ᠢᠯᠡᠳᠬᠡᠵᠦ᠂ ᠰᠢᠨ᠎ᠡ ᠭᠠᠷᠤᠭ᠎ᠠ ᠳᠡᠭᠡᠷ᠎ᠡ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠂ ᠡᠷᠴᠢ ᠵᠣᠷᠢᠭ ᠢᠶᠠᠨ ᠬᠥᠪᠴᠢᠯᠡᠵᠡᠭᠡᠶ᠎ᠡ︕      ᠦᠨᠳᠦᠰᠦᠨ ᠬᠠᠤᠯᠢ ᠳᠤ ᠲᠠᠩᠭᠠᠷᠢᠭᠯᠠᠵᠤ᠂ ᠰᠡᠳᠬᠢᠯ ᠢ ᠨᠢᠭᠲᠠᠷᠠᠭᠤᠯᠵᠤ ᠰᠦᠭ ᠰᠦᠨᠡᠰᠦ ᠶᠢ ᠴᠣᠭᠴᠠᠯᠠᠨ᠎ᠠ᠃      ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠦᠬᠦ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠦᠬᠦ ᠪᠠᠭᠰᠢ ᠠᠵᠢᠯᠲᠠᠨ ᠢ ᠵᠣᠬᠢᠶᠠᠨ ᠪᠠᠶᠢᠭᠤᠯᠵᠤ ᠦᠨᠳᠦᠰᠦᠨ ᠬᠠᠤᠯᠢ ᠳᠤ ᠲᠠᠩᠭᠠᠷᠢᠭᠯᠠᠬᠤ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠲᠠᠩᠭᠠᠷᠢᠭᠯᠠᠬᠤ ᠶᠣᠰᠣᠯᠠᠯ ᠳᠤ ᠨᠢᠭᠡᠳᠦᠯᠲᠡᠢ ︽ᠦᠨᠳᠦᠰᠦᠨ ᠬᠠᠤᠯᠢ ᠳᠤ ᠲᠠᠩᠭᠠᠷᠢᠭᠯᠠᠬᠤ︾ ᠲᠤᠰᠬᠠᠢ ᠪᠢᠴᠢᠭ ᠢ ᠬᠡᠷᠡᠭᠯᠡᠵᠦ᠂ ᠠᠵᠢᠯ ᠳᠤ ᠪᠠᠶᠢᠭ᠎ᠠ 2238 ᠪᠠᠭᠰᠢ ᠲᠠᠩᠭᠠᠷᠢᠭᠯᠠᠬᠤ ᠶᠠᠪᠤᠴᠠ᠂ ᠲᠠᠩᠭᠠᠷᠢᠭᠯᠠᠬᠤ ᠲᠠᠩᠭᠠᠷᠢᠭ ᠤᠨ ᠦᠭᠡᠰ ᠤᠨ ᠶᠣᠰᠣᠭᠠᠷ ᠣᠷᠣᠯᠴᠠᠵᠤ᠂ ᠶᠣᠰᠣ ᠮᠣᠷᠠᠯ ᠢ ᠪᠣᠶ ᠪᠣᠯᠭᠠᠵᠤ ᠬᠥᠮᠥᠨ ᠢ ᠬᠥᠮᠥᠵᠢᠭᠦᠯᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠦᠨᠡᠨ ᠬᠦ ᠴᠢᠩᠭᠠᠳᠬᠠᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠠ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1