ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ 2023 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ ᠾᠧ ᠬᠠᠢ ᠳ᠋ᠦᠩ ᠯᠢ ᠵᠢᠶᠦ᠋ᠩ ᠣᠷᠣᠯᠴ᠊
ᠨᠡᠶᠢᠲᠡᠯᠡᠭᠰᠡᠨ ᠴᠠᠭ᠄
2023/2/28
      2 ᠳ᠋ᠤᠭᠠᠷ ᠰᠠᠷ᠎ᠠ ᠶᠢᠨ 27  ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ 2023 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ ᠪᠠ ᠪᠢᠴᠢᠭ ᠢᠶᠠᠷ ᠰᠤᠳᠤᠯᠤᠨ ᠶᠠᠷᠢᠯᠴᠠᠬᠤ ᠬᠡᠯᠪᠡᠷᠢ ᠪᠠᠷ ᠬᠤᠷᠠᠯᠳᠤᠵᠤ᠂ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠰᠤᠳᠤᠯᠬᠤ ᠲᠠᠰᠤᠭ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠯᠢ ᠴᠢᠩ ᠴᠢᠤᠸᠠᠨ ᠢ ᠤᠷᠢᠵᠤ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠤᠶ᠎ᠠ︾ ᠭᠡᠬᠦ ᠰᠡᠳᠦᠪ ᠢᠶᠠᠷ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠵᠢᠶᠦ᠋ᠩ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠯᠢ ᠴᠢᠩ ᠴᠢᠤᠸᠠᠨ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠴᠢᠬᠤᠯᠠ ᠶᠡᠭᠡ ᠵᠠᠷᠴᠢᠮ ᠵᠡᠷᠭᠡ ᠲᠠᠪᠤᠨ ᠲᠠᠯ᠎ᠠ ᠠᠴᠠ ᠡᠬᠢᠯᠡᠵᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠬᠢᠵᠡᠢ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠰᠢᠨ᠎ᠡ ᠪᠠᠷ ᠰᠤᠩᠭᠤᠭᠳᠠᠭᠰᠠᠨ ᠲᠥᠪ ᠬᠤᠷᠢᠶᠠᠨ ᠤ ᠭᠡᠰᠢᠭᠦᠨ᠂ ᠣᠷᠣᠯᠠᠭᠴᠢ ᠭᠡᠰᠢᠭᠦᠨ ᠪᠣᠯᠣᠨ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ᠂ ᠴᠢᠬᠤᠯᠠ ᠶᠡᠭᠡ ᠵᠠᠷᠴᠢᠮ ᠢ ᠭᠦᠨᠵᠡᠭᠡᠢ ᠣᠶᠢᠯᠠᠭᠠᠵᠤ᠂ ᠣᠷᠣᠨ ᠤ ᠲᠥᠪ ᠤᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠢᠨ ᠬᠦᠴᠦᠯᠡᠬᠦ ᠴᠡᠭ ᠢ ᠣᠨᠣᠪᠴᠢᠲᠠᠢ ᠣᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠳᠠ ᠶᠢ ᠲᠦᠷᠭᠡᠨ ᠪᠦᠲᠦᠭᠡᠨ ᠪᠠᠶᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠣᠷᠣᠨ ᠤ ᠲᠥᠪ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠨᠢ ᠸᠢᠳᠢᠤ᠋ ᠶᠢᠨ ᠬᠡᠯᠪᠡᠷᠢ ᠪᠠᠷ ᠶᠠᠪᠤᠭᠳᠠᠵᠤ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠭᠦᠨ ᠵᠢᠴᠢ ᠬᠤᠳᠠ ᠶᠢᠨ ᠲᠡᠰ ᠤᠨ ᠪᠤᠰᠤᠳ ᠤᠳᠤᠷᠢᠳᠬᠤ ᠨᠥᠬᠦᠳ ᠭᠤᠣᠯ ᠬᠤᠷᠠᠯ ᠤᠨ ᠲᠠᠯᠠᠪᠠᠢ ᠳᠤ ᠣᠷᠣᠯᠴᠠᠵᠤ᠂ ᠡᠯ᠎ᠡ ᠬᠤᠰᠢᠭᠤ ᠰᠢᠶᠠᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1