ᠬᠡᠦᠬᠡᠳ ᠠᠪᠬᠤ ᠳᠡᠩᠰᠡᠯᠡᠯᠲᠡ ᠳᠠᠬᠢ ᠣᠷᠤᠭ ᠤᠨ ᠬᠢᠵᠠᠭᠠᠷᠯᠠᠯ ᠢ ᠬᠦᠴᠦᠨ ᠥᠬᠡᠶ ᠪᠣᠯᠭᠠᠬᠤ ᠶᠢ ᠣᠯᠠᠨ ᠮᠤᠵᠢ ᠶᠢᠨ ᠬᠢᠨ ᠨᠢᠭᠡᠨᠲᠡ ᠬᠡᠷᠡᠭᠵᠢᠭᠦᠯᠵᠦ ᠡᠬᠢᠯᠡᠪᠡ᠂ ᠪᠥᠬᠦ ᠤᠯᠤᠰ ᠲᠤ ᠳᠡᠯᠭᠡᠷᠡᠭᠦᠯᠬᠦ ᠳᠤ ᠳᠣᠭᠢᠷᠠᠨ᠎ᠠ ᠦᠦ ᠥᠬᠡᠶ ᠦᠦ︖
ᠨᠡᠶᠢᠲᠡᠯᠡᠭᠰᠡᠨ ᠴᠠᠭ᠄
2023/2/3
       ︽ᠦᠨᠡᠨ ᠳᠡᠭᠡᠨ ᠰᠧᠴᠤᠸᠠᠨ ᠠᠴᠠ ᠡᠮᠦᠨ᠎ᠡ᠂ ᠪᠤᠰᠤᠳ ᠭᠠᠵᠠᠷ ᠤᠨ ᠬᠢᠨ ᠬᠡᠤᠬᠡᠳ ᠠᠪᠬᠤ  ᠳᠡᠩᠰᠡᠯᠡᠯᠲᠡ ᠳᠠᠬᠢ ᠣᠷᠤᠭ ᠤᠨ ᠬᠢᠵᠠᠭᠠᠷᠯᠠᠯ ᠢ ᠬᠦᠴᠦᠨ ᠥᠬᠡᠶ ᠪᠣᠯᠭᠠᠬᠤ ᠬᠤᠯᠪᠣᠭᠳᠠᠯ ᠪᠥᠬᠦᠶ ᠪᠤᠶᠤ  ᠡᠶᠢᠮᠦᠷᠬᠦ ᠲᠥᠷᠥ ᠶᠢᠨ ᠪᠣᠳᠣᠯᠭ᠎ᠠ ᠶᠢ ᠨᠢᠭᠡᠨᠲᠡ ᠬᠡᠷᠡᠭᠵᠢᠭᠦᠯᠤᠭ᠍ᠰᠡᠨ ᠪᠣᠯᠪᠠᠴᠤ ᠣᠲᠣ ᠶᠢᠨ ᠪᠠᠶᠢᠳᠠᠯ ᠠᠴᠠ ᠦᠵᠡᠪᠡᠯ ᠤᠯᠤᠰ ᠲᠠᠶᠠᠭᠠᠷ ᠡᠨᠡ ᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠮᠥᠨ ᠬᠦ ᠡᠷᠲᠡ ᠪᠠᠶᠢᠭᠰᠠᠭᠠᠷ ᠪᠦᠭᠡᠳ  ᠡᠳᠦᠢ  ᠲᠡᠳᠦᠢ  ᠨᠥᠬᠦᠴᠡᠯ  ᠳᠤᠲᠠᠭᠳᠠᠵᠤ  ᠪᠠᠶᠢᠨ᠎ᠠ︾᠃  2 ᠰᠠᠷ᠎ᠠ ᠶᠢᠨ 2 ᠤᠨ ᠡᠳᠦᠷ᠂ ᠳᠤᠮᠳᠠᠳᠤ ᠤᠯᠤᠰ ᠤᠨ ᠬᠥᠮᠦᠨ ᠠᠮᠠ ᠶᠢᠨ  ᠰᠤᠳᠤᠯᠭᠠᠨ ᠤ  ᠨᠡᠶᠢᠭᠡᠮᠯᠢᠭ ᠤᠨ ᠳᠡᠳ᠋ ᠳᠠᠷᠤᠭ᠎ᠠ᠂ᠪᠡᠭᠡᠵᠢᠩ ᠶᠡᠭᠡ ᠰᠤᠷᠭᠠᠭᠤᠯᠢ ᠶᠢᠨ ᠨᠡᠶᠢᠭᠡᠮ ᠤᠨ ᠤᠬᠠᠭᠠᠨ ᠤ ᠰᠠᠯᠪᠤᠷᠢ ᠶᠢᠨ ᠫᠷᠤᠹᠧᠰᠰᠤᠷ ᠯᠦ ᠵᠢᠶᠧ ᠬᠤᠸᠠ ᠠᠷᠠᠳ ᠤᠨ ᠡᠳᠦᠷ ᠤᠨ ᠰᠣᠨᠢᠨ ᠤ ᠡᠷᠡᠭᠦᠯ ᠮᠡᠨᠳᠦ ᠶᠢᠨ ᠰᠢᠯᠵᠢᠶ᠎ᠡ ᠶᠢᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠰᠧᠴᠤᠸᠠᠨ  ᠮᠤᠵᠢ ᠶᠢᠨ ᠨᠡᠶᠢᠲᠡᠯᠡᠭᠰᠡᠨ ᠲᠥᠷᠥ ᠶᠢᠨ ᠪᠣᠳᠣᠯᠭ᠎ᠠ ᠨᠢ ᠵᠢᠱᠢᠶ᠎ᠡ ᠦᠵᠡᠭᠦᠯᠬᠦ ᠠᠴᠢ ᠬᠤᠯᠪᠣᠭᠳᠠᠯ ᠲᠠᠢ ᠶᠤᠮ᠂ ᠰᠧᠴᠤᠸᠠᠨ ᠮᠤᠵᠢ ᠨᠢ ᠬᠥᠮᠦᠨ ᠠᠮᠠ ᠶᠢᠨ ᠲᠣᠮᠣ ᠮᠤᠵᠢ ᠪᠣᠯᠤᠭᠰᠠᠨ ᠤ ᠬᠤᠪᠢ ᠳᠤ᠂ ᠬᠡᠷᠪᠡ ᠡᠨᠡ ᠬᠦ ᠲᠥᠷᠥ ᠶᠢᠨ  ᠪᠣᠳᠣᠯᠭ᠎ᠠ ᠶᠢ ᠨᠡᠯᠢᠶᠡᠳ ᠠᠮᠵᠢᠯᠲᠠ ᠲᠠᠢ ᠬᠡᠷᠡᠭᠵᠢᠭᠦᠯᠪᠡᠯ᠂ ᠪᠤᠰᠤᠳ ᠭᠠᠵᠠᠷ ᠣᠷᠣᠨ ᠪᠤᠶᠤ ᠪᠥᠬᠦ  ᠤᠯᠤᠰ ᠲᠤ ᠬᠡᠷᠡᠭᠵᠢᠭᠦᠯᠬᠦ ᠪᠣᠯᠤᠯᠴᠠᠭ᠎ᠠ ᠲᠠᠢ ᠡᠰᠡᠬᠦ ᠶᠢ ᠡᠬᠢᠯᠡᠨ ᠶᠠᠷᠢᠯᠴᠠᠵᠤ ᠪᠣᠯᠤᠨ᠎ᠠ ᠭᠡᠵᠡᠶ᠃              ︽ᠬᠡᠤᠬᠡᠳ ᠠᠪᠬᠤ ᠳᠡᠩᠰᠡᠯᠡᠯᠲᠡ ᠪᠣᠯ ᠦᠷᠡᠵᠢᠯ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ  ᠬᠠᠮᠢᠶᠠᠷᠬᠤ ᠴᠢᠬᠤᠯᠠ‌‍ᠲ᠋ᠦ᠋ᠷᠢᠮ ᠪᠤᠯᠤᠬᠰᠠᠭᠠᠷ ᠢᠷᠡᠵᠡᠢ᠂ ᠬᠡᠤᠬᠡᠳ ᠠᠪᠬᠤ ᠳᠡᠩᠰᠡᠯᠡᠯᠲᠡ ᠬᠢᠭᠰᠡᠨ ᠤ ᠳᠠᠷᠠᠭ᠎ᠠ  ᠡᠳᠦᠢ ᠲᠡᠳᠦᠢ ᠨᠡᠶᠢᠭᠡᠮ ᠤᠨ ᠦᠢᠯᠡᠴᠢᠯᠡᠭᠡ ᠶᠢ ᠭᠥᠷᠳᠡᠵᠦ ᠪᠣᠯᠤᠨ᠎ᠠ︾᠃ ᠯᠦ ᠵᠢᠶᠧ ᠬᠤᠸᠠ ᠠᠷᠠᠳ ᠤᠨ  ᠡᠳᠦᠷ ᠤᠨ ᠰᠣᠨᠢᠨ ᠤ ᠡᠷᠡᠭᠦᠯ ᠮᠡᠨᠳᠦ ᠶᠢᠨ ᠰᠢᠯᠵᠢᠶ᠎ᠡ ᠶᠢᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠡᠨᠡ ᠬᠦ ᠲᠥᠷᠥ ᠶᠢᠨ ᠪᠣᠳᠣᠯᠭ᠎ᠠ ᠶᠢᠨ ᠨᠡᠶᠢᠲᠡᠯᠡᠭᠳᠡᠭᠰᠡᠨ ᠨᠢ ᠭᠤᠤᠯᠳᠠᠭᠤ ᠣᠳᠣᠬᠠᠨ ᠤ ᠨᠡᠶᠢᠭᠡᠮ ᠤᠨ ᠣᠷᠤᠭ ᠦᠷᠡᠵᠢᠯ ᠤᠨ ᠰᠢᠨ᠎ᠡ ᠣᠨᠴᠠᠯᠢᠭ ᠲᠤ  ᠳᠣᠭᠢᠷᠠᠨ᠎ᠠ᠂  ᠤᠴᠢᠷ ᠨᠢ ᠣᠲᠣ ᠤᠷᠤᠭᠯᠠᠭᠰᠠᠨ ᠥᠬᠡᠶ ᠪᠠᠷ ᠬᠡᠦᠬᠡᠳ ᠠᠪᠬᠤ ᠦᠵᠡᠭᠳᠡᠯ ᠣᠯᠠᠰᠢᠷᠠᠵᠤ ᠪᠠᠶᠢᠨ᠎ᠠ᠂ ᠡᠨᠡ ᠬᠦ ᠲᠥᠷᠥ ᠶᠢᠨ ᠪᠣᠳᠣᠯᠭ᠎ᠠ ᠨᠢ ᠡᠲᠡᠭᠡᠷ ᠬᠥᠮᠦᠰ ᠤᠨ ᠦᠷᠡᠵᠢᠯ ᠤᠨ ᠡᠷᠡᠭᠦᠯ ᠮᠡᠨᠳᠦ ᠶᠢᠨ ᠦᠢᠯᠡᠴᠢᠯᠡᠭᠡ ᠭᠥᠷᠳᠡᠬᠦ ᠶᠢ ᠨᠠᠩ ᠢᠯᠡᠬᠦᠦ ᠴᠠᠭ ᠲᠤᠬᠠᠶ ᠳᠤᠨᠢ ᠪᠠᠲᠤᠯᠠᠵᠤ ᠴᠢᠳᠠᠬᠤ ᠪᠥᠭᠡᠳ ᠪᠠᠰᠠ ᠬᠡᠤᠬᠡᠳ ᠲᠦᠷᠦᠭᠦ ᠲᠤᠭ᠎ᠠ ᠪᠠᠷᠢᠮᠲᠠ ᠶᠢᠨ ᠬᠤᠪᠢᠷᠠᠯᠲᠠ ᠶᠢ ᠬᠥᠳᠡᠯᠦᠩᠭᠦᠶ ᠪᠠᠷ ᠬᠢᠨᠠᠨ ᠬᠡᠮᠵᠢᠵᠦ ᠴᠢᠳᠠᠨ᠎ᠠ ᠭᠡᠵᠡᠶ᠃            ᠡᠭᠦᠨ ᠤ ᠬᠠᠮᠲᠤ ᠪᠠᠰᠠ ︽ᠤᠷᠤᠭᠯᠠᠭᠠᠳᠤᠶ ᠪᠠᠷ ᠬᠡᠦᠬᠡᠳ ᠠᠪᠬᠤ ᠶᠢ ᠰᠠᠨᠠᠭᠠᠴᠢᠯᠠᠵᠤ  ᠪᠠᠶᠢᠨ᠎ᠠ︾  ᠬᠡᠰᠡᠨ  ᠶᠠᠷᠢᠶ᠎ᠠ ᠬᠡᠯᠡᠯᠴᠡᠭᠡᠨ ᠤ ᠠᠳᠡᠭᠦᠷᠡᠯ ᠢ ᠡᠭᠦᠰᠭᠡᠵᠦ ᠮᠡᠳᠡᠨ᠎ᠡ᠂ ︽ᠡᠨᠡ ᠬᠦ ᠲᠥᠷᠥ ᠶᠢᠨ ᠪᠣᠳᠣᠯᠭ᠎ᠠ ᠨᠢ  ᠣᠳᠣᠬᠠᠨ ᠳᠤ ᠠᠰᠢᠭ ᠨᠢ ᠬᠤᠣᠷ ᠠᠴᠠ ᠪᠠᠨ ᠶᠡᠭᠡ ᠪᠣᠯᠪᠠᠴᠤ ᠲᠤᠰ ᠲᠥᠷᠥ ᠶᠢᠨ ᠪᠣᠳᠣᠯᠭ᠎ᠠ ᠶᠢ ᠬᠡᠲᠦᠷᠡᠲᠡᠯ᠎ᠡ ᠲᠠᠶᠢᠯᠪᠤᠷᠢᠯᠠᠭᠰᠠᠨ ᠠᠰᠠᠭᠤᠳᠠᠯ ᠣᠷᠣᠰᠢᠵᠤ ᠪᠠᠶᠢᠵᠤ ᠮᠠᠭᠠᠳ ᠦᠭᠡᠢ︾ ᠭᠡᠵᠦ ᠯᠦ ᠵᠢᠶᠧ ᠬᠤᠸᠠ ᠬᠡᠯᠡᠭᠰᠡᠨ ᠢᠶᠠᠨ ᠵᠠᠯᠭᠠᠭᠠᠳ᠂ ᠢᠷᠡᠭᠡᠳᠦᠶ ᠳᠤ ᠬᠡᠷᠡᠭᠵᠢᠭᠦᠯᠬᠦ ᠶᠠᠪᠤᠴᠠ‌‍ᠳᠠᠭᠠᠨ᠂ ᠬᠤᠯᠪᠣᠭᠳᠠᠯ ᠪᠥᠬᠦᠶ ᠢᠵᠢ ᠪᠥᠷᠢᠳᠦᠭᠰᠡᠨ ᠲᠦᠷᠢᠮ ᠢ ᠨᠡᠶᠢᠲᠡᠯᠡᠵᠦ᠂ ᠠᠶᠤᠯ ᠲᠦᠭᠰᠢᠭᠦᠷᠢ ᠠᠴᠠ ᠵᠦᠶ ᠵᠣᠬᠢᠰᠲᠠᠶ ᠵᠠᠶᠢᠯᠠᠵᠤ᠂ ᠲᠣᠰ ᠲᠥᠷᠥ ᠶᠢᠨ ᠪᠣᠳᠣᠯᠭ᠎ᠠ ᠶᠢ ᠰᠠᠶᠢᠳᠤᠷ ᠭᠡᠷᠡᠭᠵᠢᠬᠦᠯᠬᠦ ᠶᠢ ᠰᠠᠨᠠᠭᠤᠯᠵᠤ ᠪᠠᠶᠢᠨ᠎ᠠ ᠭᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1