ᠡᠳᠡᠭᠡᠷ ᠬᠥᠮᠦᠰ ᠪᠥᠭᠡᠮ ᠬᠦᠴᠢᠯ ᠤᠨ ᠪᠠᠶᠢᠴᠠᠭᠠᠯᠳᠠ ᠬᠢᠬᠦ ᠬᠡᠷᠡᠭᠲᠡᠶ ᠤᠤ︖ ᠣᠯᠠᠨ ᠭᠠᠵᠠᠷ ᠤᠨ ᠬᠠᠮᠤᠭ ᠤᠨ ᠰᠢᠨ᠎ᠡ ᠮᠡᠳᠡᠭᠳᠡᠯ︕
ᠨᠡᠶᠢᠲᠡᠯᠡᠭᠰᠡᠨ ᠴᠠᠭ᠄
2023/2/4
     ᠣᠶᠢᠷ᠎ᠠ ᠳᠤ᠂ ᠤᠯᠤᠰ ᠤᠨ ᠳᠣᠲᠣᠭᠠᠳᠤ ᠶᠢᠨ ᠬᠡᠰᠡᠭ ᠭᠠᠵᠠᠷ ᠣᠷᠣᠨ ᠤᠳᠠᠯ ᠥᠬᠡᠶ ᠰᠤᠷᠭᠠᠭᠤᠯᠢ  ᠡᠬᠢᠯᠡᠬᠦ ᠭᠡᠵᠦ ᠪᠠᠶᠢᠨ᠎ᠠ᠂ ᠴᠥᠭᠡᠨ ᠪᠤᠰᠤ ᠰᠤᠷᠭᠠᠭᠤᠯᠢ ᠰᠤᠷᠭᠠᠭᠤᠯᠢ ᠡᠬᠢᠯᠡᠬᠦ ᠮᠡᠳᠡᠭᠳᠡᠯ ᠤᠨ ᠪᠢᠴᠢᠭ ᠨᠡᠶᠢᠲᠡᠯᠡᠬᠦ ᠳᠡᠭᠡᠨ ᠰᠤᠷᠭᠠᠭᠤᠯᠢ ᠡᠬᠢᠯᠡᠬᠦ ᠠᠴᠠ ᠨᠢᠭᠡ ᠡᠳᠦᠷ ᠤᠨ ᠡᠮᠦᠨ᠎ᠡ ᠨᠢᠭᠡ ᠤᠳᠠᠭ᠎ᠠ ᠥᠳᠥᠭᠡᠭᠴᠢ ᠬᠢᠬᠦ ᠪᠤᠶᠤ  ᠡᠰᠡᠬᠦᠯ᠎ᠡ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠬᠦ ᠬᠡᠷᠡᠭᠳᠡᠢ᠃          ᠰᠤᠷᠭᠠᠭᠤᠯᠢ ᠡᠬᠢᠯᠡᠵᠦ ᠰᠤᠷᠭᠠᠭᠤᠯᠢ ᠳᠠᠭᠠᠨ ᠪᠤᠴᠠᠬᠤ ᠠᠴᠠ ᠨᠢᠭᠡ ᠭᠠᠷᠠᠭ ᠤᠨ ᠡᠮᠦᠨ᠎ᠡ᠂  ᠰᠤᠷᠤᠭᠴᠢᠳ  ᠬᠡᠷ ᠲᠡᠭᠡᠨ ᠡᠳᠦᠷ ᠪᠦᠷᠢ ᠪᠡᠶ᠎ᠡ ᠶᠢᠨ ᠬᠠᠯᠠᠭᠤᠨ ᠪᠠ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ  ᠬᠠᠮᠢᠶ᠎ᠠ  ᠪᠥᠬᠦᠶ  ᠡᠮᠴᠢᠯᠡᠭᠡᠨ ᠤ ᠢᠯᠡᠷᠡᠯ ᠰᠢᠨᠵᠢ ᠶᠢᠨ ᠠᠵᠢᠭᠯᠠᠯᠲᠠ ᠵᠡᠷᠭᠡ ᠡᠷᠡᠭᠦᠯ ᠮᠡᠨᠳᠦ ᠶᠢᠨ ᠪᠠᠶᠢᠴᠠᠭᠠᠯᠳᠠ ᠥᠪᠡᠰᠦᠪᠡᠨ ᠬᠢᠯᠭᠡᠬᠦ ᠭᠡᠷᠡᠭᠳᠡᠢ᠃ ᠬᠠᠯᠠᠭᠤᠷᠠᠬᠤ᠂ ᠬᠠᠭᠤᠷᠠᠶ ᠪᠠᠷ ᠬᠠᠨᠢᠶᠠᠯᠭᠠᠬᠤ᠂ ᠲᠠᠮᠢᠷᠳᠠᠬᠤ᠂ ᠬᠤᠭᠤᠯᠠᠶ ᠡᠪᠡᠳᠬᠦ ᠵᠡᠷᠭᠡ ᠡᠪᠡᠳᠴᠢᠨ ᠤ ᠢᠯᠡᠷᠡᠯ ᠰᠢᠨᠵᠢ ᠭᠠᠷᠪᠠᠯ᠂  ᠥᠳᠥᠭᠡᠭᠴᠢ ᠪᠤᠶᠤ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠵᠦ᠂ ︽ᠡᠷᠡᠭᠦᠯ ᠮᠡᠨᠳᠦ ᠶᠢᠨ ᠬᠡᠪ ᠤᠨ ᠪᠤᠰᠤ ᠪᠠᠶᠢᠳᠠᠯ ᠤᠨ ᠬᠦᠰᠦᠨᠦᠭᠲᠦ︾ ᠶᠢ ᠦᠨᠡᠨ  ᠪᠣᠳᠠᠲᠠᠶ ᠪᠠᠷ ᠲᠠᠭᠯᠠᠬᠤ ᠬᠡᠷᠡᠭᠲᠡᠶ᠃  ᠰᠢᠯᠭᠠᠨ  ᠪᠠᠶᠢᠴᠠᠭᠠᠭᠰᠠᠨ  ᠦᠷ᠎ᠡ  ᠳ᠋ᠦᠩ ᠨᠢ  ᠠᠷᠭ᠎ᠠ  ᠴᠢᠨᠠᠷ ᠲᠠᠢ   ᠪᠣᠯ ᠰᠤᠷᠭᠠᠭᠤᠯᠢ ᠳᠠᠭᠠᠨ ᠪᠤᠴᠠᠬᠤ ᠶᠢ ᠬᠤᠶᠢᠰᠢᠯᠠᠭᠤᠯᠤᠨ᠎ᠠ ᠬᠡᠪᠡ᠃              ᠣᠶᠢᠷ᠎ᠠ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ  ᠬᠤᠷᠢᠭᠯᠠᠬᠤ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠠᠴᠠ ᠳᠠᠷᠤᠮᠠᠯᠯᠠᠨ ᠲᠠᠷᠬᠠᠭᠠᠭᠰᠠᠨ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠲᠤ ᠬᠠᠯᠳᠠᠪᠤᠷᠢᠯᠠᠬᠳᠠᠬᠰᠠᠨ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯᠯᠠᠭᠠᠨ ᠤ ᠵᠦᠭᠯᠡᠭᠦᠷ︾ ᠲᠤ ᠪᠠᠰᠠ ᠳᠡᠭᠡᠳᠦ  ᠵᠡᠷᠭᠡ ᠶᠢᠨ ᠰᠤᠷᠭᠠᠭᠤᠯᠢ ᠳᠤ ᠳᠠᠭᠢᠵᠤ ᠪᠥᠬᠦ ᠠᠵᠢᠯᠲᠠᠨ ᠤ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠬᠢᠬᠦ ᠥᠬᠡᠶ᠂  ᠰᠤᠷᠭᠠᠭᠤᠯᠢ ᠶᠢᠨ ᠳᠣᠲᠣᠷᠠᠬᠢ ᠭᠤᠤᠯᠳᠠᠯᠭ᠎ᠠ ᠲᠠᠢ ᠬᠥᠮᠦᠰ ᠲᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠪᠥᠭᠡᠮ ᠬᠦᠴᠢᠯ ᠤᠨ ᠪᠠᠶᠢᠴᠠᠭᠠᠯᠳᠠ ᠪᠤᠶᠤ ᠥᠳᠥᠭᠡᠭᠴᠢ ᠶᠢᠨ ᠪᠠᠶᠢᠴᠠᠭᠠᠯᠳᠠ ᠬᠢᠨ᠎ᠡ᠂ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠨᠢ ᠪᠣᠳᠠᠲᠠᠶ ᠬᠡᠷᠡᠭᠴᠡᠭᠡ ᠪᠠ ᠨᠥᠬᠦᠴᠡᠯ ᠢᠶᠠᠨ ᠦᠨᠳᠦᠰᠦᠯᠡᠨ ᠪᠠᠭᠰᠢ ᠰᠣᠷᠣᠭᠴᠢ ᠶᠢ ᠰᠢᠭᠰᠢᠨ  ᠪᠠᠶᠢᠴᠠᠭᠠᠬᠤ᠂ ᠡᠭᠡᠯᠵᠢᠯᠡᠨ  ᠪᠠᠶᠢᠴᠠᠭᠠᠬᠤ᠂ ᠰᠤᠭᠤᠴᠢᠨ ᠪᠠᠶᠢᠴᠠᠭᠠᠬᠤ ᠵᠡᠷᠭᠡ ᠵᠦᠢ ᠵᠤᠬᠢᠰᠳᠠᠢ ᠥᠳᠥᠭᠡᠭᠴᠢ ᠪᠤᠶᠤ ᠪᠥᠭᠡᠮ ᠬᠦᠴᠢᠯ ᠤᠨ ᠪᠠᠶᠢᠴᠠᠭᠠᠯᠲᠠ ᠶᠢ ᠬᠢᠵᠦ  ᠪᠣᠯᠤᠨ᠎ᠠ ᠭᠡᠵᠦ ᠲᠤᠳᠤᠷᠬᠠᠶᠢᠯᠠᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1