ᠤᠷᠳᠤᠰ ᠤᠨ 7 ᠲᠠᠮᠢᠷᠴᠢᠨ ᠳᠡᠯᠡᠬᠡᠢ ᠶᠢᠨ ᠳᠤᠮᠳᠠᠳᠦ ᠰᠤᠷᠭᠠᠭᠤᠯᠢ ᠶᠢᠨ ᠡᠪᠦᠯ ᠤᠨ ᠤᠯᠠᠷᠢᠯ ᠤᠨ ᠪᠡᠶ᠎ᠡ  ᠶᠢᠨ  ᠲᠠᠮᠢᠷ ᠤᠨ ᠴᠤᠭᠯᠠᠭᠠᠨ ᠳᠤ ᠤᠷᠤᠯᠴᠠᠬᠤ ᠪᠠᠷ ᠪᠤᠢ
ᠨᠡᠶᠢᠲᠡᠯᠡᠭᠰᠡᠨ ᠴᠠᠭ᠄
2023/2/5
      ᠣᠯᠠᠨ ᠤᠯᠤᠰ ᠤᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ  ᠬᠤᠯᠪᠣᠭᠠᠲᠤ ᠬᠤᠷᠠᠯ ᠠᠴᠠ ᠭᠤᠣᠯᠯᠠᠨ ᠡᠷᠭᠢᠯᠡᠭᠰᠡᠨ 2023 ᠣᠨ ᠤ ᠳᠡᠯᠡᠬᠡᠢ ᠶᠢᠨ ᠳᠤᠮᠳᠠᠳᠤ  ᠰᠤᠷᠭᠠᠭᠤᠯᠢ ᠶᠢᠨ ᠰᠤᠷᠤᠭᠴᠢᠳ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ 2023 ᠣᠨ ᠤ 2 ᠳ᠋ᠤᠭᠠᠷ ᠰᠠᠷ᠎ᠠ ᠶᠢᠨ 12 ᠤᠨ ᠡᠳᠦᠷ ᠠᠴᠠ 18 ᠤ ᠡᠳᠦᠷ ᠪᠣᠯᠲᠠᠯ᠎ᠠ ᠲᠦᠷᠺ ᠤᠨ ᠡᠸ᠋ᠷᠽᠦ᠋ᠷᠦᠮ ᠳᠤ ᠶᠡᠪᠤᠬᠳᠡᠵᠤ᠂ ᠵᠢᠱᠢᠯᠲᠡ ᠪᠠᠷ 50 ᠭᠠᠷᠤᠢ ᠤᠯᠤᠰ ᠪᠠ ᠭᠠᠵᠠᠷ ᠣᠷᠣᠨ ᠤ 1500 ᠲᠠᠮᠢᠷᠴᠢᠨ ᠤᠷᠤᠯᠳᠤᠭᠠᠨ ᠳᠤ ᠣᠷᠤᠯᠴᠠᠬᠤ ᠪᠤᠯᠤᠨ᠎ᠠ᠃ ᠳᠤᠮᠳᠠᠳᠤ ᠤᠯᠤᠰ ᠤᠨ ᠳᠤᠮᠳᠠᠳᠤ  ᠰᠤᠷᠭᠠᠭᠤᠯᠢ ᠶᠢᠨ ᠰᠤᠷᠤᠭᠴᠢᠳ‌‍ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠳᠤᠮᠳᠠᠳᠤ ᠤᠯᠤᠰ ᠤᠨ ᠳᠤᠮᠳᠠᠳᠤ   ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠢ ᠰᠣᠩᠭᠤᠨ  ᠲᠣᠮᠢᠯᠠᠵᠤ  ᠥᠨᠳᠥᠷ ᠠᠭᠤᠯᠠᠨ ᠤ ᠴᠡᠨᠡᠯᠡᠯᠲᠡ᠂ ᠬᠡᠭᠡᠷ᠎ᠡ ᠶᠢᠨ ᠴᠡᠨᠡᠯᠡᠯᠲᠡ᠂ ᠮᠥᠰᠥᠨ ᠳᠡᠪᠦᠷ᠎ᠡ᠂ ᠤᠷᠠᠨ ᠲᠡᠰᠢᠯᠲᠡ ᠪᠠ ᠳᠠᠩ ᠬᠠᠪᠳᠠᠰᠦᠨ ᠤ ᠴᠡᠨᠡᠯᠡᠯᠲᠡ ᠵᠡᠷᠭᠡ 5 ᠶᠡᠭᠡ ᠲᠥᠷᠥᠯ ᠤᠨ ᠤᠷᠤᠯᠳᠤᠭᠠᠨ ᠳᠤ ᠣᠷᠣᠯᠴᠠᠭᠤᠯᠬᠤ ᠪᠠᠷ ᠪᠠᠶᠢᠨ᠎ᠠ᠃              ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠯᠢᠦ ᠪᠥᠸᠧ ᠺᠠᠢ᠂ ᠳ᠋ᠦ᠋ ᠪᠥᠸᠧ ᠰᠢᠦᠢ᠂ ᠶᠢᠩ ᠲᠠᠢ ᠵᠢᠢ᠂ ᠵᠠᠩ ᠢᠦᠢ ᠵᠢᠶᠧ᠂ ᠵᠠᠩ ᠷᠠᠨ ᠨᠢ᠂ ᠸᠠᠩ ᠴᠧᠨ ᠢ᠂  ᠰᠢᠶᠠ  ᠢᠦᠢ  ᠳ᠋ᠦᠩ  ᠵᠡᠷᠭᠡ ᠬᠡᠭᠡᠷ᠎ᠡ ᠶᠢᠨ ᠴᠠᠨᠠᠯᠠᠯᠲᠠ ᠶᠢᠨ 7 ᠲᠠᠮᠢᠷᠴᠢᠨ ᠳᠤᠮᠳᠠᠳᠤ ᠤᠯᠤᠰ ᠤᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠳᠤ ᠰᠣᠩᠭᠤᠭᠳᠠᠪᠠ᠃ ᠡᠳᠡᠭᠡᠷ ᠲᠠᠮᠢᠷᠴᠢᠨ ᠢ ᠪᠠᠭᠲᠠᠭᠠᠵᠤ ᠮᠠᠨ ᠤ ᠣᠷᠣᠨ ᠠᠴᠠ ᠨᠡᠶᠢᠲᠠ 9 ᠲᠠᠮᠢᠷᠴᠢᠨ ᠳᠤᠮᠳᠠᠳᠤ ᠤᠯᠤᠰ ᠢ ᠲᠥᠯᠥᠭᠡᠯᠡᠨ ᠣᠯᠠᠨ ᠤᠯᠤᠰ ᠤᠨ ᠤᠷᠤᠯᠳᠤᠭᠠᠨ ᠳᠤ ᠣᠷᠤᠯᠴᠠᠬᠤ ᠪᠠᠷ ᠪᠡᠶᠢᠨ᠎ᠠ᠃      
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1