2 ᠳ᠋ᠤᠭᠠᠷ ᠰᠠᠷ᠎ᠠ ᠶᠢᠨ 4 ᠤ ᠡᠳᠦᠷ ᠬᠤᠷᠠᠯᠳᠤᠭᠤᠯᠤᠭᠰᠠᠨ ᠪᠥᠬᠦ ᠣᠷᠣᠨ ᠤ ᠴᠢᠬᠤᠯᠠ ᠶᠡᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠧᠯᠸᠢᠰ ᠤᠲᠠᠰᠤᠲᠤ ᠬᠤᠷᠠᠯ ᠠᠴᠠ ᠣᠶᠢᠯᠠᠭᠠᠭᠰᠠᠨ ᠢᠶᠠᠷ᠂ | ᠡᠨᠡ ᠵᠢᠯ ᠮᠠᠨ ᠤ ᠣᠷᠣᠨ ᠵᠠᠰᠠᠭ ᠤᠨ ᠣᠷᠳᠣᠨ 5000 ᠲᠦᠮᠡᠨ ᠲᠥᠭᠦᠷᠢᠭ ᠠᠴᠠ ᠳᠡᠭᠡᠭᠰᠢ ᠪᠡᠯᠡ | ᠣᠷᠣᠭᠤᠯᠤᠭᠰᠠᠨ᠂ ᠠᠵᠤ ᠠᠬᠤᠶᠢᠯᠠᠯ ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠤᠭᠰᠠᠨ 3168 | ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠨᠡᠶᠢᠲᠡ ᠪᠡᠯᠡ ᠣᠷᠣᠭᠤᠯᠤᠯᠲᠠ ᠨᠢ 3.2 ᠲᠦᠮᠡᠨ | ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠵᠢᠯ ᠳᠤ 7739 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠨᠢᠳᠤᠨᠤᠨ ᠤ ᠬᠢ ᠠᠴᠠ 1403 ᠳ᠋ᠦᠩᠰᠢᠭᠤᠷ ᠲᠥᠭᠦᠷᠢᠭ | ᠨᠡᠮᠡᠭᠳᠡᠪᠡ᠃ ᠡᠭᠦᠨ ᠳᠤ᠄ ᠨᠡᠶᠢᠲᠡ ᠪᠡᠯᠡ ᠣᠷᠣᠭᠤᠯᠤᠯᠲᠠ ᠨᠢ 100 ᠳ᠋ᠦᠩᠰᠢᠭᠤᠷ ᠲᠥᠭᠦᠷᠢᠭ ᠵᠢᠴᠢ ᠳᠡᠭᠡᠭᠰᠢᠬᠢ | ᠲᠥᠷᠥᠯ ᠵᠦᠢᠯ 52 ᠪᠠᠶᠢᠵᠤ᠂ ᠨᠢᠳᠤᠨᠤᠨ ᠤ ᠬᠢ ᠠᠴᠠ 11 ᠨᠡᠮᠡᠭᠳᠡᠵᠡᠢ︔ 50 ᠳ᠋ᠦᠩᠰᠢᠭᠤᠷ ᠲᠥᠭᠦᠷᠢᠭ ᠠᠴᠠ | 100 ᠳ᠋ᠦᠩᠰᠢᠭᠤᠷ ᠲᠥᠭᠦᠷᠢᠭ ᠤᠨ ᠲᠥᠷᠥᠯ ᠵᠦᠢᠯ 98 ᠪᠠᠶᠢᠵᠤ᠂ ᠨᠢᠳᠤᠨᠤᠨ ᠤ ᠬᠢ ᠠᠴᠠ 45 ᠨᠡᠮᠡᠭᠳᠡᠪᠡ᠃ | ᠪᠡᠯᠡ ᠣᠷᠣᠭᠤᠯᠤᠯᠲᠠ ᠶᠢᠨ ᠲᠥᠷᠥᠯ ᠠᠩᠭᠢᠯᠠᠯ ᠠᠴᠠ ᠦᠵᠡᠪᠡᠯ᠂ ᠡᠨᠡ ᠵᠢᠯ ᠤᠨ ᠮᠠᠨ ᠤ ᠣᠷᠣᠨᠤ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ 1077 ᠪᠠᠶᠢᠵᠤ᠂ ᠪᠥᠬᠦ ᠵᠢᠯ ᠳᠤ 1364 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠨᠢᠳᠤᠨᠤᠨ ᠤ ᠬᠢ ᠠᠴᠠ | 166 ᠳ᠋ᠦᠩᠰᠢᠭᠤᠷ ᠲᠥᠭᠦᠷᠢᠭ ᠨᠡᠮᠡᠭᠳᠡᠪᠡ᠃ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ | 2091 ᠪᠠᠶᠢᠵᠤ᠂ ᠪᠥᠬᠦ ᠵᠢᠯ ᠳᠤ 6375 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠬᠦ ᠪᠠᠷ ᠲᠥᠯᠥᠪᠯᠡᠵᠦ᠂ ᠨᠢᠳᠤᠨᠤᠨ ᠤ ᠬᠢ ᠠᠴᠠ 1237 ᠳ᠋ᠦᠩᠰᠢᠭᠤᠷ ᠲᠥᠭᠦᠷᠢᠭ ᠨᠡᠮᠡᠭᠳᠡᠵᠡᠢ᠃ ᠬᠤᠶᠠᠷ | ᠲᠦᠷᠦᠯ ᠤᠨ ᠲᠥᠷᠥᠯ ᠵᠦᠢᠯ ᠤᠨ ᠣᠨ ᠤ ᠲᠥᠯᠥᠪᠯᠡᠭᠰᠡᠨ ᠪᠡᠯᠡ ᠣᠷᠣᠭᠤᠯᠤᠯᠲᠠ ᠶᠢᠨ ᠬᠡᠮᠵᠢᠶ᠎ᠡ ᠨᠢ ᠴᠥᠮ | ᠲᠣᠭᠲᠠᠭᠤᠨ ᠢᠶᠠᠷ ᠨᠡᠮᠡᠭᠳᠡᠪᠡ᠃ | ᠪᠦᠲᠦᠭᠡᠨ ᠪᠠᠶᠢᠭᠤᠯᠤᠯᠲᠠ ᠶᠢᠨ ᠰᠢᠨᠵᠢ ᠴᠢᠨᠠᠷ ᠠᠴᠠ ᠦᠵᠡᠪᠡᠯ᠂ ᠡᠨᠡ ᠵᠢᠯ ᠤᠨ ᠮᠠᠨ ᠤ ᠣᠷᠣᠨ ᠤ | ᠰᠢᠨ᠎ᠡ ᠪᠠᠷ ᠪᠠᠶᠢᠭᠤᠯᠬᠤ ᠲᠥᠷᠥᠯ ᠵᠦᠢᠯ 1592 ᠪᠠᠶᠢᠵᠤ᠂ ᠪᠥᠬᠦ ᠵᠢᠯ ᠳᠤ 4118 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠨᠢᠳᠤᠨᠤᠨ ᠤ ᠬᠢ ᠠᠴᠠ 875 ᠳ᠋ᠦᠩᠰᠢᠭᠤᠷ ᠲᠥᠭᠦᠷᠢᠭ | ᠨᠡᠮᠡᠭᠳᠡᠪᠡ᠃ ᠦᠷᠭᠦᠯᠵᠢᠯᠡᠨ ᠪᠠᠶᠢᠭᠤᠯᠬᠤ ᠪᠡᠯᠡ ᠣᠷᠣᠭᠤᠯᠤᠯᠲᠠ ᠶᠢᠨ ᠲᠥᠷᠥᠯ ᠵᠦᠢᠯ 1576 ᠪᠠᠶᠢᠵᠤ᠂ ᠪᠥᠬᠦ | ᠵᠢᠯ ᠳᠤ 3621 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ | ᠨᠢᠳᠤᠨᠤᠨ ᠤ ᠬᠢ ᠠᠴᠠ 528 ᠳ᠋ᠦᠩᠰᠢᠭᠤᠷ ᠲᠥᠭᠦᠷᠢᠭ ᠨᠡᠮᠡᠭᠳᠡᠵᠡᠢ᠃ ᠰᠢᠨ᠎ᠡ ᠪᠠᠷ ᠪᠠᠶᠢᠭᠤᠯᠬᠤ ᠲᠥᠷᠥᠯ | ᠵᠦᠢᠯ ᠤᠨ ᠣᠨ ᠤ ᠪᠡᠯᠡ ᠣᠷᠣᠭᠤᠯᠤᠯᠲᠠ ᠶᠢᠨ ᠲᠥᠯᠥᠪᠯᠡᠭᠡ ᠨᠢ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠠᠴᠠ | ᠳᠠᠪᠠᠭᠰᠠᠨ ᠪᠠᠶᠢᠨ᠎ᠠ᠃ | ᠬᠠᠮᠤᠭ ᠤᠨ ᠰᠢᠨ᠎ᠡ ᠲᠣᠬᠢᠷᠠᠭᠤᠯᠤᠯᠲᠠ ᠠᠴᠠ ᠦᠵᠡᠪᠡᠯ᠄ 1 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ | ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ 234.8 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠪᠥᠬᠦ ᠣᠷᠣᠨ ᠤ ᠬᠡᠪᠴᠢᠶᠡᠨ ᠳᠤ ︽ᠢᠴᠡᠭᠡᠯᠡᠬᠦ ᠡᠪᠦᠯ︾ | ᠢ ︽ᠶᠠᠭᠠᠷᠠᠯᠲᠠᠢ ᠡᠪᠦᠯ︾ ᠪᠣᠯᠭᠠᠨ ᠬᠤᠪᠢᠷᠠᠭᠤᠯᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠤᠷᠢᠳᠴᠢᠯᠠᠨ | ᠦᠢᠯᠡᠴᠢᠯᠡᠵᠦ᠂ ᠡᠯ᠎ᠡ ᠱᠠᠲᠤᠨ ᠤ ᠬᠢᠨᠠᠨ ᠵᠥᠪᠰᠢᠶᠡᠷᠡᠬᠦ ᠠᠵᠢᠯᠲᠠᠳ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ | ᠬᠠᠪᠰᠤᠷᠤᠨ ᠭᠠᠷ ᠭᠦᠢᠴᠡᠳᠬᠡᠯ ᠬᠢᠵᠦ᠂ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ | ᠪᠥᠬᠦ ᠬᠦᠴᠦᠨ ᠢᠶᠠᠷ ᠢᠶᠠᠨ ᠠᠬᠢᠭᠤᠯᠪᠠ᠃ 1 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠰᠢᠨ᠎ᠡ ᠪᠠᠷ ᠪᠠᠶᠢᠭᠤᠯᠬᠤ | 1592 ᠴᠢᠬᠤᠯᠠ ᠶᠡᠭᠡ ᠲᠥᠷᠥᠯ ᠵᠦᠢᠯ ᠤᠨ ᠳᠣᠲᠣᠷ᠎ᠠ ᠨᠢᠭᠡᠨᠲᠡ 972 ᠲᠥᠷᠥᠯ ᠵᠦᠢᠯ ᠢ ᠭᠦᠢᠴᠡᠳᠬᠡᠨ | ᠳᠠᠭᠤᠰᠬᠠᠵᠤ᠂ ᠭᠦᠢᠴᠡᠳᠬᠡᠵᠦ ᠳᠠᠭᠤᠰᠬᠠᠭᠰᠠᠨ ᠨᠣᠷᠮ᠎ᠠ ᠨᠢ 61 ᠳᠤ ᠬᠦᠷᠴᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 31 ᠵᠠᠭᠤᠨ ᠤ ᠴᠡᠭ ᠳᠡᠭᠡᠭᠰᠢᠯᠡᠵᠡᠢ᠃ |