ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ 90 ᠳ᠋ᠤᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/8
     2 ᠳ᠋ᠤᠭᠠᠷ ᠰᠠᠷ᠎ᠠ ᠶᠢᠨ 6 ᠤ ᠡᠳᠦᠷ ᠠᠴᠠ 7 ᠤ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶ᠎ᠠ‌‍ᠶᠢᠨ ᠱᠦᠵᠢ ᠸᠠᠩ ᠳ᠋ᠦᠩ ᠱᠧᠩ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 90 ᠳ᠋ᠤᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ᠂ ᠰᠢᠶᠠᠨ ᠤ ᠲᠦᠷᠪᠡᠨ ᠶᠡᠭᠡ ᠤᠳᠤᠷᠢᠳᠬᠤ ᠪᠠᠭ ᠤᠨ ᠭᠤᠣᠯ ᠬᠠᠷᠢᠭᠤᠴᠠᠯᠭᠠᠲᠠᠨ ᠨᠥᠬᠦᠳ ᠤᠨ ᠾᠥ᠋ᠪᠸᠢ᠂ ᠪᠡᠭᠡᠵᠢᠩ᠂ ᠱᠠᠨᠳᠦ᠋ᠩ ᠳᠤ ᠬᠦᠷᠴᠦ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠶᠡᠷᠦᠩᠬᠡᠢ ᠬᠡᠯᠲᠡᠰ ᠲᠤ ᠰᠢᠨᠵᠢᠯᠡᠨ ᠪᠠᠶᠢᠴᠠᠭᠠᠵᠤ ᠪᠠᠷᠠᠳᠠᠭᠰᠠᠨ ᠪᠠᠶᠢᠳᠠᠯ ᠢ ᠮᠡᠳᠡᠭᠳᠡᠵᠦ᠂ ᠬᠤᠯᠪᠣᠭᠳᠠᠯ ᠪᠦᠬᠦᠢ ᠰᠢᠶᠠᠨ ᠤ ᠤᠳᠤᠷᠢᠳᠤᠯᠭ᠎ᠠ ᠶᠢᠨ ᠭᠠᠳᠠᠭᠰᠢ ᠭᠠᠷᠴᠤ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ᠂ ︽ᠠᠷᠪᠠᠨ ᠶᠡᠭᠡ ᠭᠤᠣᠯᠳᠠᠯᠭ᠎ᠠ ᠲᠠᠢ ᠲᠦᠷᠦᠯ ᠵᠦᠢᠯ︾᠂ 2023 ᠣᠨ ᠤ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ᠂ 2023 ᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠠᠵᠢᠯ ᠡᠬᠢᠯᠡᠬᠦ ᠪᠡᠯᠡᠳᠬᠡᠯ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢᠨ ᠪᠡᠯᠡᠳᠬᠡᠯ ᠠᠵᠢᠯ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠬᠤᠷᠠᠯ ᠠᠴᠠ᠂ ᠬᠤᠳᠠ ᠶᠢᠨ ᠨᠠᠮ ᠤᠨ ᠬᠤᠷᠢᠶ᠎ᠠ ᠠᠴᠠ ᠪᠢᠳᠡᠨ ᠳᠤ ᠲᠤᠰᠢᠶᠠᠭᠰᠠᠨ ︽ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠦᠬᠦ ᠣᠷᠣᠨ ᠤ ᠡᠮᠦᠨ᠎ᠡ 30 ᠨᠡᠷᠡᠰ ᠲᠤ ᠣᠷᠣᠬᠤ︾᠂ ︽ᠮᠢᠩᠭᠠᠨ ᠳ᠋ᠦᠩᠰᠢᠭᠤᠷ ᠤᠨ ᠲᠡᠰ ᠤᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ︾ ᠬᠤᠶᠠᠷ ᠶᠡᠭᠡ ᠡᠭᠦᠷᠭᠡ ᠲᠠᠢ ᠨᠢᠭᠲᠠ ᠤᠶᠠᠯᠳᠤᠭᠤᠯᠤᠨ᠂ ︽ᠲᠠᠪᠤᠨ ᠶᠡᠭᠡ ᠭᠠᠷᠳᠠᠴᠠ︾᠂ ︽ᠠᠷᠪᠠᠨ ᠶᠡᠭᠡ ᠭᠤᠣᠯᠳᠠᠯᠭ᠎ᠠ ᠲᠠᠢ ᠲᠦᠷᠦᠯ ᠵᠦᠢᠯ︾᠂ ︽2023 ᠣᠨ ᠤ 100 ᠭᠤᠣᠯᠳᠠᠯᠭ᠎ᠠ ᠲᠠᠢ ᠲᠦᠷᠦᠯ ᠵᠦᠢᠯ︾ ᠵᠡᠷᠭᠡ ᠡᠭᠦᠷᠭᠡ ᠬᠠᠷᠠᠯᠲᠠ ᠶᠢ ᠴᠢᠩᠭ᠎ᠠ ᠠᠩᠬᠠᠷᠴᠤ᠂ ︽ᠠᠷᠠᠯᠵᠢᠶᠠᠴᠢᠨ ᠤᠷᠢᠬᠤ ᠶᠢ ᠶᠡᠬᠡᠪᠡᠷ ᠠᠳᠬᠤᠵᠤ᠂ ᠲᠦᠷᠦᠯ ᠵᠦᠢᠯ ᠢ ᠶᠡᠬᠡᠪᠡᠷ ᠠᠳᠬᠤᠵᠤ᠂ ᠬᠥᠭᠵᠢᠯᠲᠡ ᠶᠢ ᠶᠡᠬᠡᠪᠡᠷ ᠠᠳᠬᠤᠬᠤ︾ ᠬᠠᠯᠠᠭᠤᠨ ᠥᠷᠨᠢᠯᠲᠡ ᠶᠢ ᠪᠦᠬᠦ ᠲᠠᠯ᠎ᠠ ᠪᠠᠷ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠠᠵᠤ ᠠᠬᠤᠶᠢᠯᠠᠯ ᠯᠤᠭ᠎ᠠ ᠶᠢᠨ ᠰᠣᠯᠢᠯᠴᠠᠭ᠎ᠠ ᠶᠠᠪᠤᠯᠴᠠᠭ᠎ᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠰᠠᠶᠢᠲᠤᠷ ᠦᠢᠯᠡᠴᠢᠯᠡᠵᠦ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ ᠴᠢᠷᠮᠠᠶᠢᠨ ᠰᠠᠶᠢᠲᠤᠷ ᠪᠤᠢ ᠪᠣᠯᠭᠠᠵᠤ᠂ ᠦᠨᠡᠨᠴᠢ ᠢᠲᠡᠭᠡᠮᠵᠢᠲᠡᠢ ᠳᠦᠷᠢ ᠲᠥᠷᠬᠦ ᠶᠢ ᠪᠤᠢ ᠪᠣᠯᠭᠠᠬᠤ ᠬᠡᠷᠡᠭᠲᠡᠢ᠃ ᠶᠡᠷᠦᠩᠬᠡᠶᠢᠯᠡᠭᠰᠡᠨ ᠡᠨᠧᠷᠭᠢ᠂ ᠠᠮᠢᠳᠤ ᠪᠣᠳᠠᠰ ᠤᠨ ᠡᠮ ᠡᠮᠨᠡᠯᠭᠡ ᠵᠢᠴᠢ ᠣᠳᠣᠬᠢᠴᠢᠯᠠᠭᠰᠠᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ ᠵᠡᠷᠭᠡ ᠪᠤᠰᠤᠳ ᠠᠵᠤ ᠦᠢᠯᠡᠰ ᠵᠡᠷᠭᠡ 3 ᠠᠵᠢᠯ ᠤᠨ ᠲᠤᠰᠬᠠᠢ ᠠᠩᠭᠢ ᠶᠢ ᠵᠣᠬᠢᠶᠠᠨ ᠪᠠᠶᠢᠭᠤᠯᠵᠤ᠂ ᠰᠠᠨᠠᠭᠠᠴᠢᠯᠠᠭ᠎ᠠ‌‍ᠲ᠋ᠠᠶ ᠪᠠᠷ ᠳᠠᠭᠠᠷᠢᠯᠲᠠ ᠬᠢᠵᠦ᠂ ᠥᠷᠭᠡᠨ ᠢᠶᠠᠷ ᠵᠣᠯᠭᠠᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠨᠡᠬᠦ ᠬᠠᠲᠠᠭᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠲᠠᠶᠢᠯᠪᠤᠷᠢᠯᠠᠯᠲᠠ ᠲᠠᠢ ᠰᠡᠳᠬᠢᠬᠦᠢ ᠶᠢ ᠴᠢᠩᠭᠠᠳᠬᠠᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠪᠠ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ︾ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠴᠡᠪᠡᠷ ᠲᠡᠭᠰᠢ ᠪᠣᠯᠪᠠᠰᠤᠨ ᠰᠢᠶᠠᠨ ᠤ ᠬᠤᠲᠠ ᠶᠢᠨ ᠳᠦᠷᠰᠦ ᠪᠠᠶᠢᠳᠠᠯ ᠢ ᠪᠣᠶ ᠪᠣᠯᠭᠠᠬᠤ ᠬᠡᠷᠡᠭᠲᠡᠢ᠃ ᠲᠣᠭᠲᠠᠬᠤ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠱᠠᠯᠠᠪᠳᠠᠨ ᠰᠦᠪᠡᠭᠴᠢᠯᠡᠨ ᠠᠬᠢᠭᠤᠯᠵᠤ᠂ ᠬᠦᠷᠢᠶᠡᠯᠡᠩ ᠲᠣᠭᠤᠷᠢᠭ‌‍ᠤᠨ ᠳᠠᠭᠠᠭᠠᠬᠤ ᠴᠢᠳᠠᠪᠤᠷᠢ ᠪᠠ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠬᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃      ᠭᠤᠤ ᠵᠧᠩ᠂ ᠰᠦᠨ ᠰᠢᠶᠦ᠋ᠨ᠂ ᠸᠠᠩ ᠮᠢᠩ᠂ ᠲᠦᠮᠡᠨ ᠵᠡᠷᠭᠡ ᠰᠢᠶᠠᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1