ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/9
      2 ᠳ᠋ᠤᠭᠠᠷ ᠰᠠᠷ᠎ᠠ ᠶᠢᠨ 8 ᠤ ᠡᠳᠦᠷ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠬᠤᠷᠠᠯᠳᠤᠵᠤ᠂ 2022 ᠣᠨ ᠤ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭᠠᠨ‌‍ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠦᠷ᠎ᠡ ᠪᠦᠲᠦᠮᠵᠢ ᠶᠢ ᠳ᠋ᠦᠩᠨᠡᠵᠦ᠂ ᠡᠨᠡ ᠵᠢᠯ ᠤᠨ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠤ᠂ ᠪᠥᠬᠦ ᠬᠤᠲᠠ ᠪᠠᠷ ᠢᠶᠠᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠬᠠᠳᠠᠭᠤᠵᠢᠯᠳᠠᠢ ᠴᠢᠷᠮᠠᠶᠢᠨ ᠡᠷᠡᠯᠬᠡᠭᠯᠡᠨ ᠤᠷᠤᠭᠰᠢᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠣᠷᠣᠨ‌‍ᠤ ᠲᠥᠪ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠬᠦᠴᠦᠲᠡᠢ᠂ ᠨᠠᠩ ᠯᠠᠪᠳᠠᠭᠤᠨ ᠪᠠᠲᠤᠲᠠᠢ ᠲᠤᠯᠭᠠᠭᠤᠷᠢᠯᠠᠯ ᠬᠠᠩᠭᠠᠬᠤ ᠶᠢ ᠳᠠᠶᠢᠴᠢᠯᠠᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠤᠤ ᠰᠧ ᠶᠠᠩ 2022 ᠣᠨ ᠤ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠮᠡᠳᠡᠭᠳᠡᠪᠡ᠃      ᠬᠤᠷᠠᠯ ᠠᠴᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠣᠯ ᠠᠵᠤ ᠠᠬᠤᠢ ᠶᠢ ᠲᠣᠭᠲᠠᠪᠤᠷᠢᠵᠢᠭᠤᠯᠬᠤ᠂ ᠠᠵᠤ ᠠᠬᠤᠢ ᠶᠢ ᠰᠡᠷᠭᠦᠭᠡᠬᠦ ᠶᠢᠨ ︽ᠨᠢᠭᠡᠳᠦᠭᠡᠷ ᠭᠠᠷᠳᠠᠴᠠ︾᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠲᠡᠰ ᠳᠡᠪᠰᠢᠭᠦᠯᠵᠦ ᠶᠠᠰᠤ ᠴᠢᠨᠠᠷ ᠢ ᠳᠡᠭᠡᠭᠰᠢᠯᠡᠭᠦᠯᠬᠦ ᠶᠢᠨ ︽ᠭᠤᠣᠯ ᠲᠤᠯᠭᠠᠭᠤᠷᠢ︾᠂ ᠬᠤᠳᠠ ᠶᠢ ᠪᠦᠲᠦᠭᠡᠨ ᠪᠠᠶᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢᠨ ︽ᠬᠠᠮᠤᠭ ᠤᠨ ᠬᠦᠴᠦᠷᠬᠡᠭ ᠬᠥᠳᠡᠯᠭᠡᠭᠦ ᠬᠦᠴᠦᠨ︾ ᠪᠣᠯᠣᠨ᠎ᠠ᠃ ᠪᠦᠬᠦ ᠬᠤᠳᠠ ᠪᠠᠷ ᠢᠶᠠᠨ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠴᠢᠷᠮᠠᠶᠢᠨ ᠲᠦᠷᠭᠡᠨ ᠠᠵᠢᠯᠯᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠯ᠎ᠡ ᠵᠦᠢᠯ ᠤᠨ ᠠᠵᠢᠯ ᠳᠤ ᠲᠠᠰᠤᠷᠠᠯᠲᠠ ᠦᠭᠡᠢ ᠰᠢᠨ᠎ᠡ ᠰᠢᠪᠲᠤᠯᠤᠯᠲᠠ᠂ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠵᠤ᠂ ᠣᠷᠣᠨ ᠤ ᠲᠥᠪ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠪᠡᠰᠦ ᠵᠣᠬᠢᠬᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠠᠳᠬᠤᠬᠤ ᠳᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠲᠡᠷᠢᠭᠦᠨ ᠤ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠴᠠᠭ ᠮᠥᠴᠡ ᠶᠢ ᠠᠯᠳᠠᠯ ᠦᠭᠡᠢ ᠲᠡᠮᠡᠴᠡᠬᠦ᠂ ᠶᠠᠰᠤ ᠴᠢᠨᠠᠷ ᠢᠶᠠᠷ ᠮᠠᠩᠯᠠᠶᠢᠯᠠᠬᠤ᠂ ᠴᠡᠴᠡᠭ ᠪᠦᠬᠦᠨ ᠢ ᠵᠡᠷᠭᠡᠪᠡᠷ ᠳᠡᠯᠭᠡᠷᠡᠭᠦᠯᠬᠦ᠂ ᠥᠨᠢ ᠤᠳᠠᠭᠠᠨ ᠤ ᠴᠢᠷᠮᠠᠶᠢᠯᠭ᠎ᠠ ᠭᠠᠷᠭᠠᠬᠤ ᠶᠢ ᠪᠠᠷᠢᠮᠲᠠᠯᠠᠬᠤ ᠬᠡᠷᠡᠭᠲᠡᠢ︔ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠠᠷᠠᠯᠵᠢᠶᠠᠴᠢᠨ ᠤᠷᠢᠬᠤ ᠴᠢᠭᠯᠡᠯ ᠢ ᠲᠣᠳᠣᠷᠬᠠᠶᠢᠯᠠᠨ᠂ ᠠᠷᠠᠯᠵᠢᠶᠠᠴᠢᠨ ᠤᠷᠢᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠠᠷᠠᠯᠵᠢᠶᠠᠴᠢᠨ ᠤᠷᠢᠬᠤ ᠲᠠᠪᠴᠠᠩ ᠢ ᠰᠠᠶᠢᠲᠤᠷ ᠪᠠᠶᠢᠭᠤᠯᠵᠤ᠂ ᠠᠷᠠᠯᠵᠢᠶᠠᠴᠢᠨ ᠤᠷᠢᠬᠤ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠩᠬᠠᠷᠬᠤ ᠬᠡᠷᠡᠭᠲᠡᠢ︔ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠰᠠᠶᠢᠨ ᠰᠠᠶᠢᠬᠠᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠷᠠᠯᠵᠢᠶᠠᠴᠢᠨ ᠳᠤ ᠠᠰᠢᠭ ᠬᠦᠷᠲᠡᠭᠡᠬᠦ᠂ ᠠᠷᠠᠯᠵᠢᠶᠠᠴᠢᠨ ᠢ ᠠᠮᠤᠷᠵᠢᠭᠤᠯᠬᠤ᠂ ᠠᠷᠠᠯᠵᠢᠶᠠᠴᠢᠨ ᠢ ᠳᠣᠲᠣᠨᠣᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠬᠦᠴᠦᠯᠡᠨ ᠪᠤᠢ ᠪᠣᠯᠭᠠᠬᠤ ᠬᠡᠷᠡᠭᠲᠡᠢ︔ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠠᠵᠢᠯ ᠤᠨ ᠥᠨᠳᠥᠷ ᠪᠦᠲᠦᠮᠵᠢᠲᠡᠶ ᠥᠷᠨᠢᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠣᠨ ᠤ ᠬᠢᠨᠠᠨ ᠰᠢᠯᠭᠠᠯᠲᠠ ᠶᠢᠨ ᠰᠢᠯᠢᠳᠡᠭ ᠭᠠᠵᠠᠷ ᠣᠷᠣᠨ᠂ ᠠᠵᠤ ᠦᠢᠯᠡᠰ ᠤᠨ ᠪᠦᠯᠦᠭᠵᠢᠯ ᠤᠨ ᠲᠤᠰᠬᠠᠢ ᠠᠩᠭᠢ᠂ ᠰᠠᠯᠠᠭ᠎ᠠ ᠮᠥᠴᠢᠷ ᠪᠣᠯᠣᠨ ᠬᠡᠯᠬᠢᠶ᠎ᠡ ᠶᠢᠨ ᠭᠤᠣᠯ ᠠᠵᠤ ᠠᠬᠤᠶᠢᠯᠠᠯ ᠢ ᠬᠥᠬᠢᠭᠦᠯᠦᠨ ᠰᠠᠶᠢᠰᠢᠶᠠᠬᠤ ᠪᠠ ᠫᠠᠶᠢᠰᠠ ᠣᠯᠭᠤᠵᠤ᠂ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ᠂ ᠬᠡᠯᠬᠢᠶ᠎ᠡ ᠶᠢᠨ ᠭᠤᠣᠯ ᠠᠵᠤ ᠠᠬᠤᠶᠢᠯᠠᠯ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃      ᠬᠤᠷᠠᠯ ᠨᠢ ᠸᠢᠳᠢᠤ᠋ ᠶᠢᠨ ᠬᠡᠯᠪᠡᠷᠢ ᠪᠠᠷ ᠶᠠᠪᠤᠭᠳᠠᠵᠤ᠂ ᠡᠯ᠎ᠡ ᠬᠤᠰᠢᠭᠤ ᠰᠢᠶᠠᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠵᠡᠷᠭᠡ ᠤᠳᠤᠷᠢᠳᠤᠯᠭ᠎ᠠ ᠪᠠ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1