ᠥᠷᠢ ᠲᠥᠯᠥᠭᠡᠰᠦ ᠠᠬᠠᠳᠠᠵᠤ ᠪᠠᠶᠢᠨ᠎ᠠ
ᠨᠡᠶᠢᠲᠡᠯᠡᠭᠰᠡᠨ ᠴᠠᠭ᠄
2023/2/9
     ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠳᠡᠮ ᠰᠢᠨᠵᠢᠯᠡᠭᠡᠨ ᠤ ᠺᠣᠮᠢᠰ ᠤᠨ ᠭᠡᠰᠢᠭᠦᠨ᠂ ᠤᠯᠤᠰ ᠤᠨ ᠮᠥᠩᠭᠦᠨ ᠭᠦᠢᠯᠭᠡᠭᠡ ᠪᠠ ᠬᠥᠭᠵᠢᠯᠲᠡ ᠶᠢᠨ ᠲᠤᠷᠰᠢᠯᠲᠠ ᠶᠢᠨ ᠲᠠᠰᠤᠭ ᠤᠨ ᠬᠡᠷᠡᠭ ᠡᠷᠬᠢᠯᠡᠭᠴᠢᠳ‌‍ᠥᠨ‌‍ᠲ᠋ᠠᠷᠤᠭ᠎ᠠ ᠯᠢ ᠶᠠᠩ ᠬᠡᠷᠡᠭᠯᠡᠭᠡ ᠨᠡᠮᠡᠭᠳᠡᠬᠦ ᠳᠤ ᠪᠡᠷᠬᠡ ᠲᠠᠢ ᠪᠠᠶᠢᠭ᠎ᠠ ᠰᠢᠯᠲᠠᠭᠠᠨ ᠢ ᠵᠠᠳᠠᠯᠬᠤ ᠦᠶ᠎ᠡ ᠬᠡᠯᠡᠬᠦ ᠳᠡᠭᠡᠨ᠂ ᠨᠢᠭᠡ ᠳᠤ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠳᠠᠭᠠᠨ ᠪᠠᠶᠢᠨ᠎ᠠ᠃ ᠬᠤᠶᠠᠷ ᠲᠤ᠂ ᠰᠠᠭᠤᠭᠠᠯᠢ ᠠᠷᠠᠳ ᠤᠨ ᠥᠷᠢ ᠰᠢᠷᠢ ᠶᠢᠨ ᠳᠠᠷᠤᠭᠠᠰᠤ ᠮᠠᠰᠢ ᠶᠡᠭᠡ ᠪᠠᠶᠢᠨ᠎ᠠ᠃ ᠭᠤᠷᠪᠠ ᠳᠤ᠂ ᠳᠠᠬᠢᠨ ᠳᠠᠪᠲᠠᠨ ᠬᠢᠵᠢᠭ ᠳᠡᠯᠭᠡᠷᠡᠭᠰᠡᠨ ᠠᠴᠠ  ᠪᠣᠯᠵᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠰᠠᠭᠤᠷᠢ ᠶᠢ ᠶᠡᠭᠡ ᠪᠠᠷ ᠬᠥᠨᠳᠡᠵᠦ ᠬᠡᠷᠡᠭᠯᠡᠭᠡᠨ ᠤ ᠴᠢᠳᠠᠪᠤᠷᠢ ᠶᠢ ᠬᠤᠬᠢᠷᠠᠭᠤᠯᠤᠭᠰᠠᠨ ᠪᠠᠶᠢᠨ᠎ᠠ ᠭᠡᠵᠡᠢ᠃                          ᠲᠡᠷᠡ ᠬᠡᠯᠡᠬᠦ ᠳᠡᠭᠡᠨ᠂ ᠮᠠᠨ ᠤ ᠤᠯᠤᠰ ᠤᠨ ᠰᠠᠭᠤᠭᠠᠯᠢ ᠠᠷᠠᠳ ᠳᠤᠮᠳᠠᠴᠢ ᠪᠠᠷ 100 ᠲᠥᠭᠦᠷᠢᠭ ᠤᠨ  ᠣᠷᠣᠯᠭ᠎ᠠ ᠶᠢᠨ ᠢᠶᠠᠨ 15 ᠲᠥᠭᠦᠷᠢᠭ ᠢᠶᠠᠷ ᠨᠢ ᠥᠷᠢ ᠰᠢᠷᠢ ᠪᠠᠨ ᠪᠥᠭᠯᠡᠵᠦ ᠪᠠᠶᠢᠨ᠎ᠠ᠂ ᠣᠷᠣᠨ ᠰᠠᠭᠤᠴᠠ ᠶᠢᠨ ᠵᠢᠭᠡᠯᠡᠯᠭᠡ ᠶᠢ  ᠪᠣᠳᠣᠪᠠᠯ 50 ᠲᠥᠭᠦᠷᠢᠭ ᠢᠶᠠᠷ ᠨᠢ ᠥᠷᠢ ᠰᠢᠷᠢ ᠪᠠᠨ ᠪᠥᠭᠯᠡᠵᠦ ᠪᠠᠶᠢᠨ᠎ᠠ ᠭᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1