ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 92 ᠳ᠋ᠤᠭᠠᠷ ᠬᠤᠷᠠᠯᠳᠤᠭᠠᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/1
      2 ᠳ᠋ᠤᠭᠠᠷ ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 92 ᠳ᠋ᠤᠭᠠᠷ ᠤᠳᠠᠭᠠᠨ ᠤ ᠬᠤᠷᠠᠯ ᠵᠢᠴᠢ ᠪᠥᠬᠦ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠭᠤᠣᠯᠳᠠᠯᠭ᠎ᠠ ᠲᠠᠢ ᠠᠵᠤ ᠦᠢᠯᠡᠰ ᠤᠨ ᠲᠥᠷᠥᠯ ᠵᠦᠢᠯ ᠤᠨ ᠦᠢᠯᠡᠴᠢᠯᠡᠭᠡᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶ᠎ᠠ ᠶᠢᠨ ᠱᠦᠵᠢ ᠸᠠᠩ ᠳ᠋ᠦᠩ ᠱᠧᠩ ᠬᠤᠷᠠᠯ  ᠢ ᠡᠷᠭᠢᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠪᠠᠷ ᠰᠤᠩᠭᠤᠭᠳᠠᠭᠰᠠᠨ ᠲᠥᠪ ᠬᠤᠷᠢᠶᠠᠨ ᠤ ᠭᠡᠰᠢᠭᠦᠨ᠂ ᠣᠷᠣᠯᠠᠭᠴᠢ ᠭᠡᠰᠢᠭᠦᠨ ᠪᠣᠯᠣᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ︔ ᠰᠢ ᠶᠢᠨ ᠫᠢᠩ ᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠳᠡᠭᠡᠷᠡᠬᠢ ᠶᠠᠷᠢᠶ᠎ᠠ᠂ ︽2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠢ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠢ ᠤᠯᠠᠮᠵᠢᠯᠠᠨ ᠰᠤᠷᠤᠯᠴᠠᠵᠤ᠂ 2023 ᠣᠨ ᠤ ᠮᠠᠨ ᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠰᠤᠳᠤᠯᠪᠠ︔ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠵᠣᠬᠢᠶᠠᠨ ᠪᠠᠶᠢᠭᠤᠯᠬᠤ ᠲᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ᠂ ᠪᠦᠬᠦ ᠤᠯᠤᠰ᠂ ᠪᠦᠬᠦ ᠣᠷᠣᠨ ᠤ ᠨᠢᠭᠡᠳᠦᠮᠡᠯ ᠹᠷᠣᠨᠲ ᠤᠨ ᠰᠠᠶᠢᠳ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠭᠠᠳᠠᠭᠰᠢ ᠭᠠᠷᠴᠤ ᠰᠢᠨᠵᠢᠯᠡᠨ ᠪᠠᠶᠢᠴᠠᠭᠠᠵᠤ ᠬᠤᠳᠠᠯᠳᠤᠭᠠᠴᠢᠨ ᠤᠷᠢᠬᠤ ᠪᠠᠶᠢᠳᠠᠯ᠂ 2023 ᠣᠨ ᠤ ᠪᠦᠬᠦ ᠰᠢᠶᠠᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ᠂ 2 ᠳ᠋ᠤᠭᠠᠷ ᠰᠠᠷ᠎ᠠ ᠶᠢᠨ ᠰᠡᠭᠦᠯᠴᠢ ᠶᠢᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠳᠡᠭᠡᠭᠰᠢ ᠮᠡᠳᠡᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠬᠡᠷᠬᠢᠨ ᠲᠠᠨᠢᠵᠤ ᠠᠬᠢᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠰᠠᠶᠢᠲᠤᠷ ᠬᠡᠷᠡᠭᠯᠡᠵᠦ᠂ ᠲᠡᠭᠦᠨ ᠤ ᠭᠤᠣᠯᠯᠠᠬᠤ ᠴᠢᠬᠤᠯᠠ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ ᠪᠦᠬᠦ ᠲᠠᠯ᠎ᠠ ᠪᠠᠷ ᠡᠵᠡᠮᠰᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ᠂ ᠴᠢᠬᠤᠯᠠ ᠶᠡᠭᠡ ᠵᠠᠷᠴᠢᠮ ᠪᠠ ᠲᠦᠯᠬᠢᠨ ᠠᠬᠢᠭᠤᠯᠬᠤ ᠶᠠᠪᠤᠴᠠ ᠳᠤ ᠰᠠᠶᠢᠲᠤᠷ ᠰᠢᠢᠳᠪᠦᠷᠢᠯᠡᠬᠦ ᠴᠢᠬᠤᠯᠠᠲᠠᠢ ᠠᠯᠢ ᠤᠯᠠᠨ ᠴᠢᠬᠤᠯᠠ ᠶᠡᠭᠡ ᠬᠠᠷᠢᠴᠠᠭ᠎ᠠ ᠶᠢ ᠪᠦᠬᠦ ᠲᠠᠯ᠎ᠠ ᠪᠠᠷ ᠡᠵᠡᠮᠰᠢᠵᠦ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠤᠳᠤᠬᠢᠴᠢᠯᠠᠯᠳᠠ ᠪᠦᠲᠦᠭᠡᠨ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠪᠠᠷ ᠲᠦᠯᠬᠢᠨ ᠠᠬᠢᠭᠤᠯᠤᠨ᠎ᠠ ᠭᠡᠵᠡᠢ᠃      ᠬᠤᠷᠠᠯ ᠠᠴᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠢᠯᠢ ᠪᠦᠯᠦᠭᠯᠡᠯ ᠤᠨ 18 ᠲᠦᠮᠡᠨ ᠰᠠᠭᠠᠯᠢ ᠶᠢᠨ ᠦᠨᠢᠶ᠎ᠡ ᠶᠢᠨ ᠪᠣᠬᠢᠷᠳᠤᠯ ᠦᠭᠡᠢ ᠣᠶᠤᠨᠴᠢ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠲᠦᠷᠦᠯ ᠵᠦᠢᠯ ᠢ ᠪᠦᠬᠦ ᠲᠠᠯ᠎ᠠ ᠪᠠᠷ ᠠᠬᠢᠭᠤᠯᠵᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠠᠯᠭᠠᠰᠤ᠂ ᠵᠢᠱᠢᠶ᠎ᠡ ᠦᠵᠡᠭᠦᠯᠬᠦ ᠲᠣᠰᠬᠤᠨ ᠢ ᠭᠤᠣᠯᠳᠠᠯᠭ᠎ᠠ ᠲᠠᠢ ᠰᠠᠶᠢᠲᠤᠷ ᠪᠠᠶᠢᠭᠤᠯᠬᠤ ᠬᠡᠷᠡᠭᠲᠡᠢ᠃ ᠪᠦᠬᠦ ᠤᠯᠤᠰ᠂ ᠪᠦᠬᠦ ᠣᠷᠣᠨ᠂ ᠪᠦᠬᠦ ᠬᠤᠲᠠ ᠶᠢᠨ ᠵᠣᠬᠢᠶᠠᠨ ᠪᠠᠶᠢᠭᠤᠯᠤᠯᠲᠠ ᠶᠢᠨ ᠰᠠᠶᠢᠳ ᠨᠠᠷ ᠤᠨ ᠬᠤᠷᠠᠯ᠂ ᠤᠬᠠᠭᠤᠯᠬᠤ ᠰᠠᠶᠢᠳ ᠨᠠᠷ ᠤᠨ ᠬᠤᠷᠠᠯ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠯᠤᠰ ᠂ ᠪᠦᠬᠦ ᠣᠷᠣᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠨᠢ ︽ᠳᠦᠷᠪᠡᠨ ᠬᠦᠴᠦᠯᠡᠴᠡ︾ ᠲᠠᠢ ᠨᠢᠭᠲᠠ ᠤᠶᠠᠯᠳᠤᠭᠤᠯᠤᠨ ᠡᠨᠡ ᠵᠢᠯ ᠤᠨ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠨᠢᠭᠡᠳᠦᠮᠡᠯ ᠹᠷᠣᠨᠲ ᠤᠨ ᠴᠢᠬᠤᠯᠠ ᠡᠷᠳᠡᠨᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠨᠢᠭᠡᠳᠦᠮᠡᠯ ᠹᠷᠣᠨᠲ ᠤᠨ ᠬᠦᠴᠦᠨ ᠢ ᠨᠡᠮᠡᠷᠢᠯᠡᠵᠦ᠂ ᠤᠬᠠᠭᠤᠯᠬᠤ ᠰᠠᠯᠠᠭ᠎ᠠ ᠮᠥᠴᠢᠷ ᠤᠨ ᠬᠢᠨ ᠤᠬᠠᠭᠤᠯᠭ᠎ᠠ ᠪᠠᠨ ᠴᠢᠩᠭᠠᠳᠬᠠᠵᠤ᠂ ᠮᠠᠨ ᠤ ᠰᠢᠶᠠᠨ ᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠶᠡᠬᠡᠪᠡᠷ ᠰᠢᠯᠢᠳᠡᠭᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠬᠡᠷᠡᠭᠲᠡᠢ᠃ ᠣᠨᠴᠠᠯᠢᠭᠲᠤ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠮᠠᠨ ᠤ ᠰᠢᠶᠠᠨ ᠤ ᠴᠠᠬᠢᠯᠭᠠᠨ ᠬᠦᠴᠦ᠂ ᠠᠭᠤᠷ ᠤᠨ ᠬᠠᠩᠭᠠᠯᠭ᠎ᠠ ᠭᠦᠢᠴᠡᠳ ᠪᠥᠭᠡᠳ ᠦᠨ᠎ᠡ ᠬᠠᠩᠰᠢ ᠬᠢᠮᠳᠠ ᠪᠠᠶᠢᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠵᠤ᠂ ᠬᠤᠳᠠᠯᠳᠤᠭ᠎ᠠ ᠶᠢ ᠳᠣᠲᠣᠨᠣᠴᠢᠯᠠᠵᠤ ᠬᠤᠳᠠᠯᠳᠤᠭ᠎ᠠ ᠶᠢ ᠠᠮᠤᠷᠵᠢᠭᠤᠯᠬᠤ ᠠᠵᠢᠯ ᠢ ᠨᠡᠩ ᠰᠠᠶᠢᠲᠤᠷ ᠬᠢᠬᠦ ᠬᠡᠷᠡᠭᠲᠡᠢ᠃ ᠡᠭᠦᠨ ᠤ ᠬᠠᠮᠲᠤ ᠠᠷᠠᠯᠵᠢᠶᠠᠴᠢᠨ ᠤᠷᠢᠬᠤ ᠤᠬᠠᠭᠤᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠤᠬᠠᠭᠤᠯᠭ᠎ᠠ ᠶᠢᠨ ᠹᠢᠯᠢᠮ ᠢ ᠰᠠᠶᠢᠲᠤᠷ ᠬᠢᠵᠦ᠂ ᠲᠦᠷᠦᠯ ᠵᠦᠢᠯ ᠢ ᠮᠠᠨ ᠤ ᠰᠢᠶᠠᠨ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠬᠤᠷᠣᠮᠬᠠᠨ ᠵᠠᠭᠤᠷ᠎ᠠ ᠴᠤ ᠰᠤᠯᠠᠷᠠᠭᠤᠯᠵᠤ ᠪᠣᠯᠬᠤ ᠦᠭᠡᠢ᠂ ᠪᠦᠬᠦ ᠰᠢᠶᠠᠨ ᠤ ᠳᠡᠭᠡᠳᠦ ᠳᠣᠣᠷᠠᠳᠤ ᠱᠠᠲᠤ ᠪᠠᠷ ᠢᠶᠠᠨ ᠡᠷᠬᠡᠪᠰᠢ ᠣᠳᠣᠬᠠᠨ ᠤ ᠠᠮᠤᠷ ᠲᠦᠪᠰᠢᠨ ᠤ ᠪᠠᠶᠢᠳᠠᠯ ᠢ ᠰᠡᠷᠭᠡᠭ ᠢᠶᠠᠷ ᠲᠠᠨᠢᠵᠤ᠂ ᠭᠡᠨᠡᠳᠲᠡ ᠶᠢᠨ ᠬᠡᠷᠡᠭ ᠪᠣᠯᠣᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠦ ᠵᠢᠠᠭᠠᠨ ᠭᠠᠷᠭᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1