ᠲᠠᠮᠢᠷ  ᠤᠨ ᠬᠢᠴᠢᠶᠡᠯ ᠢ ᠳᠤᠷ᠎ᠠ ᠪᠠᠷ ᠢᠶᠠᠨ ᠵᠣᠭᠰᠣᠭᠠᠵᠤ ᠪᠣᠯᠬᠤ ᠦᠭᠡᠢ ᠬᠡᠵᠦ ᠰᠤᠷᠭᠠᠨ ᠬᠥᠮᠦᠵᠢᠯ ᠤᠨ ᠶᠠᠮᠤᠨ ᠠᠴᠠ ᠱᠠᠭᠠᠷᠳᠠᠯ᠎ᠠ
ᠨᠡᠶᠢᠲᠡᠯᠡᠭᠰᠡᠨ ᠴᠠᠭ᠄
2023/3/1
      ᠰᠤᠷᠭᠠᠨ ᠬᠥᠮᠦᠵᠢᠯ ᠤᠨ ᠶᠠᠮᠤᠨ 2 ᠳ᠋ᠣᠭᠠᠷ ᠰᠠᠷ᠎ᠠ ᠶᠢᠨ 27 ᠤ ᠡᠳᠦᠷ ︽ᠬᠢᠵᠢᠭ ᠤᠨ ᠦᠶ᠎ᠡ ᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ ᠂ ᠰᠤᠷᠭᠠᠭᠤᠯᠢ ᠨᠤᠭᠤᠳ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠬᠦ ᠳᠠᠭᠠᠤ ᠪᠡᠶ᠎ᠡ ᠶᠢᠨ ᠲᠠᠮᠢᠷ ᠤᠨ ᠬᠢᠴᠢᠶᠡᠯ ᠢ ᠳᠤᠷ᠎ᠠ ᠪᠠᠷ ᠢᠶᠠᠨ ᠵᠣᠭᠰᠣᠭᠠᠵᠤ ᠪᠣᠯᠬᠤ ᠦᠭᠡᠢ᠂ ᠰᠤᠷᠭᠠᠨ ᠬᠥᠮᠦᠵᠢᠯ ᠤᠨ ᠶᠠᠰᠤ ᠴᠢᠨᠠᠷ ᠢ ᠦᠨᠡᠨ ᠬᠦ ᠪᠠᠲᠤᠯᠠᠬᠤ  ᠬᠡᠷᠡᠭᠲᠡᠢ᠃ ᠰᠤᠷᠭᠠᠭᠤᠯᠢ ᠡᠬᠢᠯᠡᠭᠰᠡᠨ ᠤ ᠳᠠᠷᠠᠭᠠᠬᠢ ᠬᠤᠶᠠᠷ ᠭᠠᠷᠠᠭ ᠤᠨ ᠳᠣᠲᠣᠷ᠎ᠠ ᠬᠦᠨᠳᠦ ᠬᠥᠩᠭᠡᠨ ᠰᠫᠢᠷᠲ ᠤᠨ ᠴᠤᠭᠯᠠᠭᠠᠨ ᠢ ᠵᠣᠬᠢᠶᠠᠨ ᠪᠠᠶᠢᠭᠤᠯᠵᠤ ᠪᠣᠯᠬᠤ ᠦᠭᠡᠢ ᠬᠡᠵᠠᠢ᠃                      ︽ᠮᠡᠳᠡᠭᠳᠡᠯ︾ ᠳᠤ᠂ ᠡᠯ᠎ᠡ  ᠭᠠᠵᠠᠷ ᠤᠨ ᠰᠤᠷᠭᠠᠭᠤᠯᠢ ᠨᠤᠭᠤᠳ ᠪᠡᠶ᠎ᠡ ᠶᠢᠨ ᠲᠠᠮᠢᠷ ᠤᠨ ᠬᠢᠴᠢᠶᠡᠯ ᠢ  ᠠᠵᠢᠯ ᠤᠨ ᠭᠤᠣᠯᠳᠠᠯᠭ᠎ᠠ ᠳᠠᠭᠠᠨ ᠣᠷᠣᠭᠤᠯᠤᠨ ᠴᠢᠬᠤᠯᠠᠴᠢᠯᠠᠵᠤ᠂ ᠰᠤᠷᠤᠭᠴᠢᠳ ᠢ ᠵᠢᠯᠤᠭᠤᠳᠴᠤ ᠪᠠᠶᠢᠭᠠᠳ ᠤᠬᠠᠮᠰᠠᠷ ᠠᠴᠠ ᠪᠠᠨ ᠡᠷᠡᠭᠦᠯ ᠮᠡᠨᠳᠦ ᠪᠠᠨ ᠠᠩᠬᠠᠷᠬᠤ ᠪᠣᠯᠭᠠᠵᠤ᠂ ᠰᠤᠷᠤᠭᠴᠢᠳ ᠤᠨ ᠰᠣᠶᠣᠯ ᠣᠷᠠᠯᠢᠭ ᠪᠡᠶ᠎ᠡ ᠶᠢᠨ ᠲᠠᠮᠢᠷ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠲᠣᠳᠣᠷᠬᠠᠢ  ᠲᠣᠭᠲᠠᠭᠠᠵᠠᠢ᠃ ᠰᠤᠷᠭᠠᠭᠤᠯᠢ ᠨᠤᠭᠤᠳ ᠰᠤᠷᠤᠭᠴᠢᠳ ᠤᠨ ᠡᠷᠡᠭᠦᠯ ᠮᠡᠨᠳᠦ ᠶᠢᠨ ᠪᠠᠶᠢᠳᠠᠯ ᠢ ᠠᠩᠬᠠᠷᠤᠨ ᠤ ᠳᠠᠭᠠᠤ ᠵᠢᠭᠠᠨ ᠰᠤᠷᠭᠠᠯᠲᠠ ᠶᠢᠨ ᠠᠵᠢᠯ ᠢᠶᠠᠨ ᠵᠣᠬᠢᠰᠲᠠᠢ ᠲᠣᠬᠢᠷᠠᠭᠤᠯᠵᠤ᠂ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ  ᠠᠵᠢᠯᠯᠠᠭ᠎ᠠ ᠶᠢ ᠳᠤᠷ᠎ᠠ ᠪᠠᠷ ᠢᠶᠠᠨ ᠵᠣᠭᠰᠣᠭᠠᠵᠤ ᠪᠣᠯᠬᠤ ᠦᠭᠡᠢ᠂  ᠰᠤᠷᠤᠭᠴᠢᠳ   ᠤᠨ ᠰᠢᠮ᠎ᠡ ᠲᠡᠵᠢᠭᠡᠯ ᠲᠠᠢ  ᠢᠳᠡᠭᠡᠨ ᠤᠮᠳᠠᠭᠠᠨ ᠢᠳᠡᠬᠦ᠂ ᠰᠤᠷᠤᠯᠴᠠᠵᠤ ᠠᠮᠠᠷᠠᠬᠤ ᠪᠠᠨ ᠵᠣᠬᠢᠰᠲᠠᠢ ᠲᠣᠬᠢᠷᠠᠭᠤᠯᠬᠤ᠂ ᠲᠠᠮᠢᠷ ᠤᠨ ᠬᠥᠳᠡᠯᠭᠡᠭᠡᠨ ᠳᠤ ᠢᠳᠡᠪᠬᠢᠲᠡᠢ ᠣᠷᠣᠯᠴᠠᠬᠤ ᠵᠡᠷᠭᠡ ᠶᠢ ᠵᠢᠯᠣᠭᠤᠳᠤᠨ ᠳᠠᠭᠠᠭᠤᠯᠵᠤ᠂ ᠠᠳᠠᠯᠢ ᠪᠤᠰᠤ ᠨᠠᠰᠤᠨ ᠤ ᠰᠤᠷᠤᠭᠴᠢᠳ ᠤᠨ ᠣᠨᠴᠠᠯᠢᠭ ᠳᠠᠪᠠᠭᠤᠯᠢᠭ ᠢ ᠦᠨᠳᠦᠰᠦᠯᠡᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠡᠴᠡᠨ ᠰᠡᠷᠭᠦᠯᠡᠩ᠂ ᠴᠤᠪᠤᠭ᠎ᠠ ᠳᠡᠭᠵᠢᠨ᠂ ᠡᠷᠡᠭᠦᠯ ᠴᠢᠭᠢᠷᠠᠭ ᠪᠥᠭᠡᠳ  ᠥᠭᠡᠳᠡ ᠡᠰᠡᠷᠡᠭ ᠪᠠᠶᠢᠳᠠᠯ ᠲᠠᠢ ᠰᠤᠷᠭᠠᠭᠤᠯᠢ ᠶᠢᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ ᠭᠡᠵᠤ ᠳᠤᠷᠠᠳᠤᠭᠰᠠᠨ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1