ᠡᠶᠢᠮᠦ ᠦᠢᠯᠡ ᠠᠵᠢᠯᠯᠠᠭ᠎ᠠ ᠲᠠᠢ ᠲᠠᠩᠰᠠᠨ ᠨᠣᠮᠧᠷ ᠢ ᠪᠢᠳᠡᠬᠦᠮᠵᠢᠯᠡᠨ᠎ᠡ︕ ᠸᠢᠴᠠᠲ ᠤᠨ ᠬᠢᠨ ᠤ ᠬᠠᠮᠤᠭ ᠰᠢᠨ᠎ᠡ ᠠᠯᠪᠠᠨ ᠵᠠᠷ
ᠨᠡᠶᠢᠲᠡᠯᠡᠭᠰᠡᠨ ᠴᠠᠭ᠄
2023/3/1
      ᠣᠶᠢᠷ᠎ᠠ ᠳᠤ᠂ ᠸᠢᠴᠠᠲ ᠤᠨ ᠠᠮᠤᠷ ᠲᠦᠪᠰᠢᠨ ᠤ ᠲᠥᠪ ᠠᠴᠠ ᠬᠠᠮᠤᠭ ᠤᠨ ᠰᠢᠨ᠎ᠡ ᠠᠯᠪᠠᠨ ᠵᠠᠷ  ᠨᠡᠶᠢᠲᠡᠯᠡᠪᠠ᠄      ᠰᠦᠯᠵᠢᠶ᠎ᠡ ᠪᠠᠷ ᠮᠡᠬᠡᠯᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠡᠬᠡᠯᠡᠯ ᠤᠨ ᠦᠢᠯᠡ ᠠᠵᠢᠯᠯᠠᠭ᠎ᠠ ᠣᠷᠣᠰᠢᠵᠤ ᠪᠠᠶᠢᠬᠤ ᠪᠠᠷ ᠨᠤᠳᠠᠯᠠᠬᠳᠠᠬᠰᠠᠨ ᠲᠠᠩᠰᠠᠨ ᠨᠣᠮᠧᠷ᠂ ᠲᠣᠭᠠᠴᠠᠭ᠎ᠠ ᠬᠢᠬᠦ ᠲᠠᠩᠰᠠᠨ ᠡᠷᠦᠬᠡ ᠶᠢ ᠪᠢᠲᠡᠭᠦᠮᠵᠢᠯᠡᠬᠦ᠂ ᠴᠡᠪᠳᠡᠭᠯᠡᠬᠦ  ᠵᠡᠷᠭᠡ ᠠᠷᠭ᠎ᠠ ᠠᠪᠤᠨ᠎ᠠ ᠬᠡᠪᠡ᠃            ᠪᠠᠶᠢᠩᠭᠤ ᠲᠣᠬᠢᠶᠠᠯᠳᠤᠳᠠᠭ ᠣᠯᠠᠨ ᠡᠭᠦᠰᠳᠡᠭ ᠮᠡᠬᠡᠯᠡᠯ ᠤᠨ ᠲᠥᠷᠥᠯ ᠳᠤ᠄              ᠬᠠᠭᠤᠳᠠᠰᠤ ᠰᠢᠷᠪᠢᠬᠦ ᠶᠢ ᠬᠠᠪᠰᠤᠷᠭᠠᠬᠰᠠᠨ ᠲᠥᠷᠥᠯ ᠤᠨ ᠮᠡᠬᠡᠯᠡᠯ᠂ ᠰᠦᠯᠵᠢᠶᠡᠨ ᠤ ᠵᠢᠭᠡᠯᠡᠯᠭᠡ ᠶᠢᠨ  ᠲᠥᠷᠥᠯ ᠤᠨ ᠮᠡᠬᠡᠯᠡᠯ᠂ ᠵᠣᠴᠢᠳ ᠤᠨ ᠦᠢᠯᠡᠴᠢᠯᠡᠭᠡ ᠪᠠᠷ ᠣᠪᠯᠠᠵᠤ ᠵᠣᠭᠤᠰ ᠪᠤᠴᠠᠭᠠᠬᠤ ᠲᠥᠷᠥᠯ ᠤᠨ ᠮᠡᠬᠡᠯᠡᠯ᠂  ᠪᠠᠯᠠ ᠣᠷᠣᠭᠤᠯᠵᠤ ᠡᠳ᠋ ᠬᠠᠮᠢᠶᠠᠷᠬᠤ ᠲᠥᠷᠥᠯ ᠤᠨ ᠮᠡᠬᠡᠯᠡᠯ᠂ ᠪᠠᠷᠠᠭ᠎ᠠ ᠬᠤᠳᠠᠯᠳᠤᠨ ᠠᠪᠬᠤ ᠬᠤᠳᠠᠯ ᠬᠠᠭᠤᠷᠮᠠᠭ ᠦᠢᠯᠡᠴᠢᠯᠡᠭᠡᠨ ᠤ ᠲᠥᠷᠥᠯ ᠤᠨ ᠮᠡᠬᠡᠯᠡᠯ᠂ ︽ᠭᠠᠭ᠋ᠠᠶ ᠠᠯᠠᠬᠤ ᠲᠠᠪᠠᠭ︾ ᠤᠨ ᠮᠡᠬᠡᠯᠡᠯ᠂ ᠤᠳᠤᠷᠢᠳᠤᠯᠭ᠎ᠠ ᠪᠤᠯᠤᠨ ᠲᠠᠨᠢᠯ ᠬᠥᠮᠦᠨ ᠢᠶᠠᠷ ᠤᠪᠯᠠᠬᠤ ᠲᠥᠷᠥᠯ ᠤᠨ ᠮᠡᠬᠡᠯᠡᠯ᠂ ︽ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠶᠢᠴᠠᠭᠠᠬᠤ ᠬᠤᠷᠢᠶ᠎ᠠ ᠰᠢᠭᠦᠬᠦ ᠬᠤᠷᠢᠶ᠎ᠠ︾ ᠶᠢᠨ ᠬᠢᠨ ᠢᠶᠠᠷ ᠤᠪᠯᠠᠬᠤ ᠲᠥᠷᠥᠯ ᠤᠨ ᠮᠡᠬᠡᠯᠡᠯ᠂ ᠰᠦᠯᠵᠢᠶᠡᠨ ᠤ ᠲᠣᠭᠯᠠᠭᠠᠮ ᠤᠨ ᠬᠤᠳᠠᠯ ᠬᠠᠭᠤᠷᠮᠠᠭ ᠢᠶᠠᠷ ᠠᠷᠠᠯᠵᠢᠶᠠᠯᠠᠬᠤ ᠲᠥᠷᠥᠯ ᠤᠨ ᠮᠡᠬᠡᠯᠡᠯ᠂  ᠵᠢᠭᠡᠯᠡᠯᠭᠡ ᠶᠢᠨ ᠢᠲᠡᠭᠡᠮᠵᠢ ᠶᠢᠨ ᠺᠠᠷᠲ ᠤᠨ ᠲᠥᠷᠥᠯ ᠁ ᠪᠤᠢ᠃            ᠡᠲᠡᠭᠡᠷ ᠮᠡᠬᠡᠯᠡᠬᠦ ᠠᠵᠢᠯᠯᠠᠭ᠎ᠠ ᠨᠢ ᠸᠢᠴᠠᠲ ᠤᠨ ᠬᠡᠷᠡᠭᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ  ᠬᠦᠨᠳᠦ ᠨᠣᠴᠢᠲᠠᠶ ᠨᠥᠯᠥᠭᠡᠯᠡᠵᠦ᠂ ᠲᠠᠪᠴᠠᠩ ᠤᠨ ᠠᠮᠢ ᠠᠬᠤᠶ ᠶᠢᠨ ᠣᠷᠴᠢᠨ ᠨᠥᠬᠦᠴᠡᠯ ᠢ ᠡᠪᠳᠡᠳᠡᠭ᠃ ᠸᠢᠴᠠᠲ  ᠤᠨ ᠬᠢᠨᠢ ᠲᠠᠪᠴᠠᠩ ᠳᠣᠲᠣᠷ᠎ᠠ ᠡᠭᠦᠰᠦᠭᠰᠡᠨ ᠡᠯ᠎ᠡ ᠲᠥᠷᠥᠯ ᠤᠨ ᠮᠡᠬᠡᠯᠡᠯ ᠤᠨ ᠠᠵᠢᠯᠯᠠᠭ᠎ᠠ ᠶᠢ  ᠭᠤᠤᠯᠳᠠᠯᠭ᠎ᠠ ᠲᠠᠢ ᠠᠩᠬᠠᠷᠴᠤ᠂ ᠡᠷᠡᠰ ᠰᠢᠭᠤᠷᠬᠠᠢ ᠰᠢᠢᠳᠪᠦᠷᠢᠯᠡᠵᠦ᠂ ᠴᠢᠩᠭ᠎ᠠ ᠴᠣᠬᠢᠯᠲᠠ ᠥᠭᠭᠦᠭᠰᠡᠭᠡᠷ ᠢᠷᠡᠵᠡᠶ᠃            ᠤᠯᠤᠰ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ︽ᠲᠧᠩ ᠰᠢᠶᠦ᠋ᠨ ᠸᠢᠴᠠᠲ ᠤᠨ ᠵᠥᠭᠡᠯᠡᠨ ᠲᠣᠨᠤᠭ ᠤᠨ ᠵᠥᠪᠰᠢᠶᠡᠷᠡᠯ ᠵᠢᠴᠢ ᠦᠢᠯᠡᠴᠢᠯᠡᠭᠡᠨ ᠤ ᠵᠥᠪᠯᠡᠯᠴᠡᠭᠡᠷ︾᠂ ︽ᠸᠢᠴᠠᠲ ᠤᠨ ᠬᠤᠪᠢ ᠬᠥᠮᠦᠨ ᠤ ᠲᠠᠩᠰᠠᠨ ᠨᠣᠮᠧᠷ ᠢ ᠬᠡᠷᠡᠭᠯᠡᠬᠦ ᠵᠢᠷᠤᠮᠵᠢᠯ︾ ᠢ ᠦᠨᠳᠦᠰᠦᠯᠡᠨ᠂ ᠬᠡᠷᠡᠭᠯᠡᠭᠴᠢ ᠶᠢᠨ ᠵᠠᠭᠠᠯᠳᠤᠯᠭ᠎ᠠ ᠳᠤ  ᠲᠤᠰᠢᠶᠠᠭᠰᠠᠨ ᠭᠡᠷᠡᠴᠢ ᠪᠠᠷᠢᠮᠲᠠ ᠶᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠮᠡᠬᠡᠯᠡᠯ ᠤᠨ ᠦᠢᠯᠡ ᠠᠵᠢᠯᠯᠠᠭ᠎ᠠ ᠣᠷᠣᠰᠢᠵᠤ ᠪᠠᠶᠢᠬᠤ ᠪᠠᠷ ᠨᠤᠳᠠᠯᠠᠬᠳᠠᠬᠰᠠᠨ ᠲᠠᠩᠰᠠᠨ ᠨᠣᠮᠧᠷ᠂ ᠸᠢᠴᠠᠲ ᠤᠨ ᠬᠢᠨ ᠢ ᠲᠣᠭᠲᠠᠭᠠᠯ ᠠᠴᠠ  ᠵᠥᠷᠢᠴᠡᠭᠰᠡᠨ  ᠬᠡᠮᠵᠢᠶ᠎ᠡ ᠶᠢ ᠨᠢ  ᠦᠵᠡᠵᠦ  ᠪᠠᠶᠢᠭᠠᠳ  ᠴᠢᠳᠠᠮᠵᠢ ᠶᠢ ᠨᠢ ᠬᠢᠵᠠᠭᠠᠷᠯᠠᠬᠤ᠂ ᠲᠠᠩᠰᠠᠨ ᠨᠣᠮᠧᠷ ᠢ ᠨᠢ ᠪᠢᠲᠡᠭᠦᠮᠵᠢᠯᠡᠬᠦ ᠵᠡᠷᠭᠡ ᠱᠠᠲᠤᠯᠢᠭ ᠬᠡᠯᠪᠡᠷᠢ ᠪᠠᠷ ᠰᠢᠢᠳᠪᠦᠷᠢᠯᠡᠨ᠎ᠡ︔ ᠮᠡᠬᠡᠯᠡᠯ ᠤᠨ ᠦᠢᠯᠡ ᠠᠵᠢᠯᠯᠠᠭ᠎ᠠ ᠲᠠᠢ ᠪᠠᠷ ᠨᠤᠳᠠᠯᠠᠬᠳᠠᠬᠰᠠᠨ ᠲᠣᠭᠠᠴᠠᠭ᠎ᠠ ᠬᠢᠬᠦ ᠳᠠᠩᠰᠠᠨ ᠡᠷᠦᠬᠡ ᠶᠢ ᠴᠡᠪᠳᠡᠭᠯᠡᠬᠦ ᠵᠡᠷᠭᠡ ᠪᠠᠷ ᠰᠢᠢᠳᠪᠦᠷᠢᠯᠡᠨ᠎ᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1