ᠪᠠᠶᠠᠷ ᠤᠨ ᠮᠡᠳᠡᠭᠡ︕ ᠲᠣᠭᠲᠠᠬᠤ ᠰᠢᠶᠠᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ᠂ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠨᠢᠭᠡᠴᠡ ᠪᠠᠷ ᠦᠨᠡᠯᠡᠭᠳᠡᠪᠡ ᠸᠠᠩ ᠯᠢ ᠷᠦᠩ ᠤᠨ ᠭᠡᠷ ᠪᠦᠯᠢ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠭᠡᠷ ᠪᠦᠯᠢ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2023/3/10
      ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ᠂ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠨᠢᠭᠡᠴᠡ᠂ ᠪᠣᠯᠪᠠᠰᠤᠨ ᠭᠡᠷ ᠪᠦᠯᠢ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ ᠪᠠ ᠪᠣᠯᠪᠠᠰᠤᠨ ᠨᠡᠶᠢᠭᠡᠮ ᠲᠣᠭᠤᠷᠢᠭ ︵ᠵᠢᠵᠢᠭ ᠲᠣᠭᠤᠷᠢᠭ︶ ᠢ ᠨᠡᠷᠡᠶᠢᠳᠦᠨ ᠬᠥᠬᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ                    ︵2023 ᠣᠨ ᠤ 3ᠳ᠋ᠤᠭᠠᠷ ᠰᠠᠷ᠎ᠠ ᠶᠢᠨ 2 ᠤᠨ ᠡᠳᠦᠷ︶      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢ᠂ ᠪᠦᠬᠦ ᠣᠷᠣᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ ︽ᠬᠤᠶᠠᠷ ᠢ ᠲᠤᠭᠳᠠᠭᠠᠭᠰᠠᠨ︾ ᠶᠢ ᠡᠷᠡᠰ ᠬᠦᠷᠢᠶᠡᠯᠡᠵᠦ᠂ ︽ᠬᠤᠶᠠᠷ ᠢ  ᠬᠦᠷᠢᠶᠡᠯᠡᠬᠦ︾ ᠶᠢ ᠡᠷᠡᠰ ᠪᠡᠶᠡᠯᠡᠭᠦᠯᠵᠦ᠂ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠶᠡᠬᠡᠪᠡᠷ ᠪᠠᠳᠠᠷᠠᠭᠤᠯᠤᠨ ᠦᠢᠯᠡᠳᠦᠯᠭᠡᠵᠢᠭᠦᠯᠵᠦ᠂ ᠪᠣᠯᠪᠠᠰᠤᠨ ᠬᠤᠳᠠ᠂ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠨᠢᠭᠡᠴᠡ᠂ ᠪᠣᠯᠪᠠᠰᠤᠨ ᠭᠡᠷ ᠪᠦᠯᠢ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ ᠪᠠ ᠪᠣᠯᠪᠠᠰᠤᠨ ᠨᠡᠶᠢᠭᠡᠮ ᠲᠣᠭᠤᠷᠢᠭ ︵ᠵᠢᠵᠢᠭ ᠲᠣᠭᠤᠷᠢᠭ︶ ᠵᠡᠷᠭᠡ ᠤᠯᠠᠨ ᠲᠦᠮᠡᠨᠴᠢ ᠴᠢᠨᠠᠷᠲᠠᠢ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠭᠡᠨ ᠳᠡᠯᠭᠡᠷᠡᠩᠭᠦᠢ ᠪᠠᠷ ᠥᠷᠨᠢᠭᠦᠯᠵᠦ᠂ ᠠᠷᠠᠳ ᠢᠷᠭᠡᠳ ᠤᠨ ᠦᠵᠡᠯ ᠰᠠᠨᠠᠭᠠᠨ ᠤ ᠤᠬᠠᠮᠰᠠᠷ᠂ ᠶᠣᠰᠣ ᠮᠣᠷᠠᠯ ᠤᠨ ᠬᠢᠷᠢ ᠬᠡᠮᠵᠢᠶ᠎ᠡ᠂ ᠪᠣᠯᠪᠠᠰᠤᠨ ᠬᠡᠪ ᠪᠣᠯᠪᠠᠰᠤᠷᠠᠯ ᠪᠠ ᠪᠦᠬᠦ ᠨᠡᠶᠢᠭᠡᠮ ᠤᠨ ᠪᠣᠯᠪᠠᠰᠤᠨ ᠤ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠣᠷᠴᠢᠨ ᠠᠬᠤᠢ ᠶᠢᠨ ᠳᠦᠷᠰᠦ ᠪᠠᠶᠢᠳᠠᠯ᠂ ᠨᠡᠶᠢᠭᠡᠮ ᠤᠨ ᠤᠯᠠᠨ ᠨᠡᠶᠢᠲᠡ ᠶᠢᠨ ᠡᠮᠬᠢ ᠵᠢᠷᠤᠮ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ᠂ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠤᠨ ᠳᠤᠮᠳᠠ᠂ ᠠᠵᠢᠯ ᠨᠢ ᠯᠠᠪᠳᠠᠭᠤᠨ ᠪᠠᠲᠤᠲᠠᠢ᠂ ᠦᠷ᠎ᠡ ᠪᠦᠲᠦᠮᠵᠢ ᠨᠢ ᠲᠣᠪᠣᠶᠢᠮ᠎ᠠ᠂ ᠤᠯᠠᠨ ᠲᠦᠮᠡᠨ ᠳᠤ ᠮᠡᠳᠡᠷᠡᠭᠳᠡᠭᠰᠡᠨ᠂ ᠦᠯᠢᠭᠡᠷ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠲᠠᠢ ᠨᠢᠭᠡ ᠪᠦᠯᠦᠭ ᠲᠡᠷᠢᠭᠦᠨ ᠤ ᠨᠡᠶᠢᠲᠡᠯᠢᠭ ᠵᠢᠱᠢᠶ᠎ᠡ ᠴᠣᠯᠭᠤᠷᠠᠨ ᠭᠠᠷᠪᠠ᠃      ᠪᠦᠬᠦ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠡᠯᠪᠡᠭ ᠪᠠᠶᠠᠯᠢᠭ ᠦᠷ᠎ᠡ ᠪᠦᠲᠦᠭᠡᠯ ᠢ ᠭᠦᠢᠴᠡᠳ ᠦᠵᠡᠭᠦᠯᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠡ ᠵᠢᠴᠢ ᠥᠷᠭᠡᠨ ᠣᠯᠠᠨ ᠺᠠᠳ᠋ᠷ ᠣᠯᠠᠨ ᠲᠦᠮᠡᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠳᠤ ᠣᠷᠤᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ  ᠬᠦᠭᠵᠢᠭᠡᠬᠦ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠴᠠ ᠬᠥᠬᠡᠬᠤᠲᠠ ᠶᠢᠨ ᠢᠦᠢ ᠴᠢᠤᠸᠠᠨ ᠲᠣᠭᠤᠷᠢᠭ ᠵᠡᠷᠭᠡ 22 ᠬᠤᠰᠢᠭᠤ ᠰᠢᠶᠠᠨ ︵ᠬᠤᠲᠠ᠂ ᠲᠣᠭᠤᠷᠢᠭ︶ ᠳᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢᠨ ᠴᠣᠯᠠ ᠣᠯᠭᠤᠵᠤ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠵᠡᠭᠡᠯᠢ ᠶᠢᠨ ᠤᠯᠠᠭᠠᠨᠪᠤᠯᠠᠭ ᠲᠣᠰᠬᠤᠨ ᠵᠡᠷᠭᠡ 97 ᠲᠣᠰᠬᠤᠨ ᠪᠠᠯᠭᠠᠰᠤ ᠳᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠲᠣᠰᠬᠤᠨ ᠪᠠᠯᠭᠠᠰᠤ ᠶᠢᠨ ᠴᠣᠯᠠ ᠣᠯᠭᠤᠵᠤ᠂ ᠳᠤᠮᠳᠠᠳᠤ ᠤᠯᠤᠰ ᠤᠨ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠵᠡᠷᠭᠡ 455 ᠨᠢᠭᠡᠴᠡ ᠳᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠨᠢᠭᠡᠴᠡ ᠶᠢᠨ ᠴᠣᠯᠠ ᠣᠯᠭᠤᠵᠤ᠂ ᠯᠦ ᠹᠠᠩ ᠴᠤᠤ ᠵᠡᠷᠭᠡ 100 ᠡᠷᠦᠬᠡ ᠳᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠭᠡᠷ ᠪᠦᠯᠢ ᠶᠢᠨ ᠴᠣᠯᠠ ᠣᠯᠭᠤᠵᠤ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠵᠡᠷᠭᠡ 100 ᠰᠤᠷᠭᠠᠭᠤᠯᠢ ᠳᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠤᠷᠭᠠᠭᠤᠯᠢ ᠶᠢᠨ ᠬᠦᠷᠢᠶᠡᠨ ᠤ ᠴᠣᠯᠠ ᠣᠯᠭᠤᠵᠤ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠦᠩ ᠹᠧᠩ ᠵᠠᠮ ᠤᠨ ᠵᠡᠭᠡᠯᠢ ᠭᠤᠳᠤᠮᠵᠢ ᠶᠢᠨ ᠰᠢᠶᠠᠩ ᠶᠤᠸᠠᠨ ᠨᠡᠶᠢᠭᠡᠮ ᠲᠣᠭᠤᠷᠢᠭ ᠵᠡᠷᠭᠡ 100 ᠨᠡᠶᠢᠭᠡᠮ ᠲᠣᠭᠤᠷᠢᠭ ︵ᠵᠢᠵᠢᠭ ᠲᠣᠭᠤᠷᠢᠭ︶ ᠳᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠨᠡᠶᠢᠭᠡᠮ ᠲᠣᠭᠤᠷᠢᠭ ︵ᠵᠢᠵᠢᠭ ᠲᠣᠭᠤᠷᠢᠭ︶ ᠤᠨ ᠴᠣᠯᠠ ᠤᠯᠭᠤᠪᠠ᠃      ᠬᠥᠬᠢᠭᠦᠯᠦᠨ ᠰᠠᠶᠢᠰᠢᠶᠠᠭᠳᠠᠭᠰᠠᠨ ᠭᠠᠵᠠᠷ ᠣᠷᠣᠨ᠂ ᠲᠣᠰᠬᠤᠨ ᠪᠠᠯᠭᠠᠰᠤ᠂ ᠰᠠᠯᠠᠭ᠎ᠠ ᠮᠥᠴᠢᠷ ᠨᠢᠭᠡᠴᠡ᠂ ᠭᠡᠷ ᠪᠦᠯᠢ᠂ ᠰᠤᠷᠭᠠᠭᠤᠯᠢ᠂ ᠨᠡᠶᠢᠭᠡᠮ ᠲᠣᠭᠤᠷᠢᠭ ︵ᠪᠠᠭ᠎ᠠ ᠲᠣᠭᠤᠷᠢᠭ︶ ᠢᠷᠠᠭᠤ ᠠᠯᠳᠠᠷ ᠢᠶᠠᠨ ᠨᠠᠨᠳᠢᠩᠨᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠥᠪᠥᠷ ᠮᠣᠩᠭᠤᠯ ᠤᠨ ᠢᠳᠡᠪᠬᠢ ᠬᠦᠴᠦᠨ ᠢᠶᠠᠷ ᠪᠢᠯᠬᠠᠮ᠎ᠠ ᠬᠥᠮᠥᠨ ᠪᠠ ᠬᠡᠷᠡᠭ ᠶᠠᠪᠤᠳᠠᠯ ᠢ ᠨᠡᠩ ᠰᠠᠶᠢᠲᠤᠷ ᠢᠯᠡᠷᠡᠭᠦᠯᠵᠦ᠂ ᠪᠦᠬᠦ ᠣᠷᠣᠨ ᠤ ᠰᠢᠨ᠎ᠡ ᠴᠠᠭ ᠦᠶ᠎ᠡ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠥᠪᠥᠷ ᠮᠣᠩᠭᠤᠯ ᠤᠨ ᠵᠥᠪ ᠲᠠᠯ᠎ᠠ ᠶᠢᠨ ᠳᠦᠷᠢ ᠲᠥᠷᠬᠦ ᠶᠢ ᠲᠦᠷᠭᠡᠨ ᠪᠤᠢ ᠪᠣᠯᠭᠠᠬᠤ ᠶᠢ ᠬᠦᠰᠡᠵᠦ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠳᠠᠭᠤᠷᠢᠶᠠᠯ ᠪᠣᠯᠭᠠᠵᠤ᠂ ᠪᠣᠯᠪᠠᠰᠤᠨ ᠢ ᠪᠣᠶᠢᠵᠢᠭᠤᠯᠬᠤ᠂ ᠪᠣᠯᠪᠠᠰᠤᠨ ᠢ ᠦᠢᠯᠡᠳᠦᠯᠭᠡᠵᠢᠭᠦᠯᠬᠦ᠂ ᠪᠣᠯᠪᠠᠰᠤᠨ ᠢ ᠡᠭᠦᠳᠦᠨ ᠪᠠᠶᠢᠭᠤᠯᠬᠤ  ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠲᠠ ᠬᠥᠳᠡᠭᠡ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠭᠤᠰᠤᠯᠴᠠᠨ ᠬᠥᠭᠵᠢᠬᠦ ᠨᠡᠶᠢᠭᠡᠮ ᠳᠠᠶᠠᠭᠠᠷ ᠲᠤ ᠬᠥᠳᠡᠯᠮᠦᠷᠢ ᠶᠢᠨ ᠵᠣᠷᠢᠭ ᠰᠠᠨᠠᠭ᠎ᠠ᠂ ᠲᠡᠮᠡᠴᠡᠯ ᠤᠨ ᠵᠣᠷᠢᠭ ᠰᠠᠨᠠᠭ᠎ᠠ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ᠂ ᠡᠭᠦᠳᠦᠨ ᠪᠦᠲᠦᠭᠡᠬᠦ ᠵᠣᠷᠢᠭ ᠰᠠᠨᠠᠭ᠎ᠠ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠵᠣᠷᠢᠭ ᠰᠠᠨᠠᠭ᠎ᠠ  ᠶᠢ ᠶᠡᠬᠡᠪᠡᠷ ᠪᠠᠳᠠᠷᠠᠭᠤᠯᠵᠤ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠰᠢᠨ᠎ᠡ ᠳᠦᠷᠰᠦ ᠪᠠᠶᠢᠳᠠᠯ ᠢ ᠪᠣᠶᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠭᠦ ᠬᠦᠴᠦᠨ ᠪᠠ ᠰᠠᠶᠢᠨ ᠰᠠᠶᠢᠬᠠᠨ ᠰᠣᠶᠣᠯ ᠤᠨ ᠣᠷᠴᠢᠨ ᠲᠣᠭᠤᠷᠢᠨ ᠢ ᠬᠠᠩᠭᠠᠵᠤ᠂ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠭᠰᠠᠨ ᠥᠪᠥᠷ ᠮᠣᠩᠭᠤᠯ ᠢ ᠲᠦᠷᠭᠡᠨ ᠪᠦᠲᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1