ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 8 ᠤ ᠦᠳᠡ ᠶᠢᠨ ᠬᠤᠶᠢᠨ᠎ᠠ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ | ᠤᠷᠤᠯᠴᠠᠵᠤ ᠪᠠᠶᠢᠭ᠎ᠠ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ | ᠪᠦᠯᠭᠦᠮ ᠤᠨ ᠪᠦᠭᠦᠳᠡ ᠬᠤᠷᠠᠯ ᠳᠤ ᠣᠷᠤᠯᠴᠠᠬᠤ ᠳᠠᠭᠠᠨ᠂ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ | ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠭᠦ ᠪᠣᠯ ᠨᠠᠮ ᠤᠨ ᠲᠥᠪ ᠬᠤᠷᠢᠶ᠎ᠠ ᠠᠴᠠ | ᠤᠯᠤᠰ ᠢᠶᠠᠨ ᠬᠦᠴᠦᠷᠬᠡᠭᠵᠢᠭᠦᠯᠵᠦ ᠴᠡᠷᠢᠭ ᠢᠶᠠᠨ ᠬᠦᠴᠦᠷᠬᠡᠭᠵᠢᠭᠦᠯᠬᠦ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ | ᠡᠭᠦᠷᠭᠡ ᠰᠢᠨ᠎ᠡ ᠱᠠᠭᠠᠷᠳᠠᠯᠭ᠎ᠠ ᠶᠢ ᠡᠵᠡᠮᠳᠡᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ | ᠲᠥᠯᠥᠪᠵᠢᠭᠦᠯᠬᠦ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠶᠢ ᠪᠣᠳᠣᠯᠬᠢᠯᠠᠵᠤ ᠲᠣᠭᠲᠠᠭᠠᠭᠰᠠᠨ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠃ ᠡᠨᠡ ᠬᠦ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠨᠢ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ᠂ ᠴᠡᠷᠢᠭ | ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠮᠠᠨ ᠤ ᠴᠡᠷᠢᠭ ᠢ ᠳᠡᠯᠡᠬᠡᠢ ᠶᠢᠨ ᠲᠡᠷᠢᠭᠦᠨ | ᠵᠡᠷᠭᠡ ᠶᠢᠨ ᠴᠡᠷᠢᠭ ᠠᠩᠭᠢ ᠪᠣᠯᠭᠠᠨ ᠲᠦᠷᠭᠡᠳᠬᠡᠨ ᠪᠠᠶᠢᠭᠤᠯᠬᠤ ᠳᠤ ᠴᠥᠮ ᠲᠦᠢᠯ ᠤᠨ ᠴᠢᠬᠤᠯᠠ ᠠᠴᠢ ᠬᠤᠯᠪᠣᠭᠳᠠᠯ ᠲᠠᠢ | ᠶᠤᠮ᠃ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ | ᠰᠢᠰᠲ᠋ᠧᠮ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠭᠦ ᠬᠡᠷᠡᠭᠲᠡᠢ ᠭᠡᠵᠦ | ᠴᠢᠬᠤᠯᠠᠴᠢᠯᠠᠵᠠᠢ᠃ | | | | | | 3 ᠰᠠᠷ᠎ᠠ ᠶᠢᠨ 8 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ | ᠤᠷᠤᠯᠴᠠᠵᠤ ᠪᠠᠶᠢᠭ᠎ᠠ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ | ᠪᠦᠯᠭᠦᠮ ᠤᠨ ᠪᠦᠭᠦᠳᠡ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ | ᠬᠤᠷᠠᠯ ᠳᠡᠭᠡᠷ᠎ᠡ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠵᠥᠪᠯᠡᠯ ᠤᠨ ᠯᠢᠦ ᠽᠧ ᠶᠢᠨ ᠲᠥᠯᠥᠭᠡᠯᠡᠭᠴᠢ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠵᠡᠪᠰᠡᠭ ᠲᠣᠨᠣᠭᠯᠠᠯ ᠤᠨ | ᠬᠥᠭᠵᠢᠯᠲᠡ ᠶᠢᠨ ᠬᠡᠯᠲᠡᠰ ᠤᠨ ᠷᠣᠣ ᠸᠧᠨ ᠮᠢᠨ ᠲᠥᠯᠥᠭᠡᠯᠡᠭᠴᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠶᠢᠨ ᠰᠢᠰᠲ᠋ᠧᠮ ᠤᠨ ᠸᠠᠩ ᠬᠤᠩ ᠢᠦᠢ ᠲᠥᠯᠥᠭᠡᠯᠡᠭᠴᠢ᠂ ᠬᠠᠮᠲᠤᠷᠠᠭᠰᠠᠨ ᠠᠷᠤ ᠲᠠᠯ᠎ᠠ ᠶᠢᠨ ᠪᠠᠲᠤᠯᠠᠭ᠎ᠠ ᠶᠢᠨ | ᠴᠡᠷᠢᠭ ᠠᠩᠭᠢ ᠶᠢᠨ ᠲᠠᠩ ᠯᠢᠨ ᠬᠤᠶ ᠲᠥᠯᠥᠭᠡᠯᠡᠭᠴᠢ᠂ ᠬᠠᠭᠤᠷᠠᠢ ᠵᠠᠮ ᠤᠨ ᠴᠡᠷᠢᠭ ᠤᠨ ᠸᠠᠨ ᠶᠢᠨ ᠶᠠᠩ ᠲᠥᠯᠥᠭᠡᠯᠡᠭᠴᠢ᠂ | ᠲᠡᠯᠡᠶ ᠶᠢᠨ ᠴᠡᠷᠢᠭ ᠤᠨ ᠸᠠᠩ ᠶᠠ ᠷᠦ᠋ ᠲᠥᠯᠥᠭᠡᠯᠡᠭᠴᠢ ᠳᠠᠷᠠᠭᠠᠯᠠᠨ ᠦᠭᠡ ᠬᠡᠯᠡᠵᠦ᠂ ᠤᠯᠤᠰ ᠤᠨ ᠲᠤᠷᠰᠢᠯᠲᠠ ᠶᠢᠨ | ᠲᠠᠰᠤᠭ ᠤᠨ ᠪᠦᠲᠦᠭᠡᠨ ᠪᠠᠶᠢᠭᠤᠯᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠤ ᠦᠢᠯᠡᠳᠪᠦᠷᠢ ᠶᠢᠨ ᠴᠢᠳᠠᠪᠤᠷᠢ ᠶᠢᠨ ᠪᠠᠶᠢᠭᠤᠯᠤᠯᠲᠠ᠂ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢ | ᠨᠢᠭᠡᠳᠦᠯᠲᠡᠢ ᠲᠥᠯᠥᠪᠵᠢᠭᠦᠯᠦᠨ ᠪᠦᠲᠦᠭᠡᠨ ᠪᠠᠶᠢᠭᠤᠯᠬᠤ᠂ ᠤᠯᠤᠰ ᠤᠨ ᠨᠥᠭᠡᠴᠡ ᠶᠢᠨ ᠪᠦᠲᠦᠭᠡᠨ ᠪᠠᠶᠢᠭᠤᠯᠤᠯᠲᠠ᠂ ᠬᠢᠯᠢ | ᠬᠢᠵᠠᠭᠠᠷ ᠤᠨ ᠲᠡᠯᠡᠶ ᠲᠠᠩᠭᠢᠰ ᠤᠨ ᠪᠠᠲᠤᠯᠠᠨ ᠬᠠᠮᠠᠭᠠᠯᠠᠯᠲᠠ ᠶᠢᠨ ᠠᠵᠢᠯ᠂ ᠪᠦᠭᠦ ᠠᠷᠠᠳ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠵᠡᠷᠭᠡ ᠲᠠᠯ᠎ᠠ ᠶᠢᠨ ᠠᠰᠠᠭᠤᠳᠠᠯ ᠤᠨ ᠲᠤᠬᠠᠢ ᠰᠠᠨᠠᠯ ᠰᠠᠨᠠᠭᠤᠯᠭ᠎ᠠ ᠳᠤᠷᠠᠳᠪᠠ᠃ | ᠰᠢ ᠶᠢᠨ ᠫᠢᠩ ᠲᠥᠯᠥᠭᠡᠯᠡᠭᠴᠢ ᠨᠢᠭᠡᠪᠦᠷᠢ ᠶᠢᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠲᠡᠳᠡᠨ ᠲᠠᠢ | ᠪᠠᠶᠢᠨ ᠪᠠᠶᠢᠨ ᠰᠠᠨᠠᠯ ᠢᠶᠠᠨ ᠰᠣᠯᠢᠯᠴᠠᠪᠠ᠃ 6 ᠲᠥᠯᠥᠭᠡᠯᠡᠭᠴᠢ ᠦᠭᠡ ᠬᠡᠯᠡᠭᠰᠡᠨ ᠤ ᠳᠠᠷᠠᠭ᠎ᠠ᠂ ᠰᠢ ᠶᠢᠨ ᠫᠢᠩ ᠴᠢᠬᠤᠯᠠ | ᠶᠠᠷᠢᠶ᠎ᠠ ᠲᠠᠯᠪᠢᠵᠤ᠂ ᠭᠤᠣᠯᠳᠠᠭᠤ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠠ | ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠭᠦ ᠶᠢᠨ ᠲᠣᠭᠤᠷᠢᠨ ᠳᠤ ᠱᠠᠭᠠᠷᠳᠠᠯᠭ᠎ᠠ ᠳᠤᠷᠠᠳᠪᠠ᠃ ᠲᠡᠷᠡ᠂ ᠨᠢᠭᠡ | ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠣᠯᠣᠨ ᠴᠢᠳᠠᠪᠤᠷᠢ ᠶᠢ ᠪᠠᠬᠢᠵᠢᠭᠦᠯᠦᠨ | ᠳᠡᠭᠡᠭᠰᠢᠯᠡᠭᠦᠯᠭᠦ ᠶᠢᠨ ᠵᠠᠩᠭᠢᠯᠠᠭ᠎ᠠ ᠨᠢ ᠨᠢᠭᠡ ᠴᠣᠭᠴᠠᠵᠢᠭᠤᠯᠬᠤ ᠳᠡᠭᠡᠷ᠎ᠡ ᠬᠦᠴᠦ ᠲᠠᠯᠪᠢᠵᠤ᠂ ᠤᠯᠤᠰ ᠤᠨ ᠪᠠᠶᠢᠯᠳᠤᠬᠤ | ᠪᠣᠳᠣᠯᠭ᠎ᠠ ᠶᠢᠨ ᠴᠢᠳᠠᠪᠤᠷᠢ ᠶᠢ ᠬᠠᠮᠤᠭ ᠤᠨ ᠶᠡᠭᠡ ᠪᠤᠯᠭᠠᠬᠤ ᠶᠢ ᠪᠡᠶᠡᠯᠡᠭᠦᠯᠬᠦ ᠳᠤ ᠪᠠᠶᠢᠨ᠎ᠠ᠃ ᠨᠠᠮ ᠤᠨ ᠲᠥᠪ ᠬᠤᠷᠢᠶ᠎ᠠ | ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠡᠯ᠎ᠡ ᠬᠦᠷᠢᠶ᠎ᠡ ᠴᠠᠷᠠᠭ᠎ᠠ ᠳᠠᠬᠢ ᠪᠠᠶᠢᠯᠳᠤᠬᠤ | ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠨᠢᠭᠡ ᠴᠣᠭᠴᠠᠵᠢᠭᠤᠯᠤᠨ ᠠᠭᠤᠰᠤᠯᠴᠠᠭᠤᠯᠬᠤ᠂ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠢ ᠨᠢᠭᠡ ᠴᠣᠭᠴᠠᠵᠢᠭᠤᠯᠤᠨ ᠨᠡᠶᠢᠳᠬᠡᠬᠦ᠂ ᠪᠠᠶᠢᠯᠳᠤᠬᠤ ᠪᠣᠳᠣᠯᠭ᠎ᠠ ᠶᠢᠨ ᠬᠦᠴᠦᠨ ᠢ ᠨᠢᠭᠡ ᠴᠣᠭᠴᠠᠵᠢᠭᠤᠯᠤᠨ | ᠬᠡᠷᠡᠭᠯᠡᠬᠦ ᠶᠢ ᠴᠢᠩᠭᠠᠳᠬᠠᠵᠤ᠂ ᠮᠠᠨ ᠤ ᠤᠯᠤᠰ ᠤᠨ ᠪᠠᠶᠢᠯᠳᠤᠬᠤ ᠪᠣᠳᠣᠯᠭ᠎ᠠ ᠶᠢᠨ ᠠᠶᠤᠯ ᠲᠦᠭᠰᠢᠭᠦᠷᠢ ᠶᠢ ᠠᠷᠭᠠᠴᠠᠭᠠᠬᠤ᠂ | ᠪᠠᠶᠢᠯᠳᠤᠬᠤ ᠪᠣᠳᠣᠯᠭ᠎ᠠ ᠶᠢᠨ ᠠᠰᠢᠭ ᠲᠤᠰᠠ ᠶᠢ ᠬᠠᠮᠠᠭᠠᠯᠠᠬᠤ᠂ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠬᠦ | ᠪᠦᠬᠦᠯᠢ ᠴᠣᠭᠴᠠ ᠶᠢᠨ ᠪᠣᠳᠠᠲᠤ ᠬᠦᠴᠦᠨ ᠢ ᠰᠢᠰᠲ᠋ᠧᠮ ᠲᠠᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠣᠯᠣᠨ | ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠭᠦ ᠪᠣᠯ ᠨᠠᠷᠢᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠮᠥᠨ᠂ ᠪᠦᠭᠦ | ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ ᠭᠤᠣᠯᠳᠠᠯᠭ᠎ᠠ ᠶᠢ ᠲᠤᠪᠤᠶᠢᠯᠭᠠᠵᠤ᠂ ᠭᠤᠣᠯᠳᠠᠯᠭ᠎ᠠ ᠲᠠᠢ ᠰᠢᠪᠲᠤᠯᠤᠯᠲᠠ ᠪᠠᠷ | ᠪᠦᠬᠦᠯᠢ ᠴᠣᠭᠴᠠ ᠶᠢᠨ ᠠᠬᠢᠴᠠ ᠶᠢ ᠳᠠᠶᠢᠴᠢᠯᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠵᠢᠯᠴᠠᠨ | ᠰᠢᠨ᠎ᠡ ᠶᠢ ᠡᠭᠦᠳᠭᠦ ᠶᠢ ᠭᠦᠨᠵᠡᠭᠡᠶᠢᠷᠡᠭᠦᠯᠵᠦ᠂ ᠤᠯᠤᠰ ᠤᠨ ᠲᠤᠷᠰᠢᠯᠲᠠ ᠶᠢᠨ ᠲᠠᠰᠤᠭ ᠢ ᠰᠠᠶᠢᠲᠤᠷ ᠪᠦᠲᠦᠭᠡᠨ ᠪᠠᠶᠢᠭᠤᠯᠵᠤ᠂ | ᠰᠠᠶᠢᠲᠤᠷ ᠬᠠᠮᠢᠶᠠᠷᠴᠤ᠂ ᠰᠠᠶᠢᠲᠤᠷ ᠬᠡᠷᠡᠭᠯᠡᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠭᠦ᠂ ᠠᠩᠬᠠᠨ ᠤ ᠰᠢᠨ᠎ᠡ ᠶᠢ | ᠡᠭᠦᠳᠭᠦ ᠶᠢ ᠬᠦᠴᠦ ᠪᠠᠨ ᠲᠥᠪᠯᠡᠷᠡᠭᠦᠯᠦᠨ ᠴᠢᠩᠭᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ | ᠃ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠶᠢᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠶᠢ ᠲᠦᠷᠭᠡᠪᠴᠢᠯᠡᠨ | ᠳᠡᠭᠡᠭᠰᠢᠯᠡᠭᠦᠯᠵᠦ᠂ ᠤᠯᠤᠰ ᠤᠨ ᠬᠥᠭᠵᠢᠯᠲᠡ ᠪᠣᠯᠣᠨ ᠳᠡᠯᠡᠬᠡᠢ ᠳᠡᠭᠡᠷᠡᠬᠢ ᠥᠷᠢᠰᠦᠯᠳᠦᠭᠡᠨ ᠤ ᠰᠢᠨ᠎ᠡ ᠳᠠᠪᠠᠭᠤᠯᠢᠭ ᠢ | ᠡᠷᠢᠯᠬᠢᠯᠡᠬᠦ ᠬᠡᠷᠡᠭᠲᠡᠢ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ | ᠦᠢᠯᠡᠳᠪᠦᠷᠢ ᠶᠢᠨ ᠴᠡᠷᠢᠭ ᠢ ᠬᠦᠴᠦᠷᠬᠡᠭᠵᠢᠭᠦᠯᠬᠦ ᠳᠠᠶᠢᠨ ᠤ ᠢᠯᠠᠯᠲᠠ ᠶᠢ ᠣᠯᠬᠤ ᠳᠤ ᠦᠢᠯᠡᠴᠢᠯᠡᠬᠦ ᠤᠳᠤᠷᠢᠳᠤᠮᠵᠢ ᠶᠢ | ᠴᠢᠩᠭᠠᠳᠬᠠᠵᠤ᠂ ᠰᠢᠰᠲ᠋ᠧᠮ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠥᠭᠵᠢᠯᠲᠡ ᠶᠢᠨ ᠵᠠᠭᠪᠤᠷ ᠤᠨ ᠰᠢᠨ᠎ᠡ ᠶᠢ | ᠡᠭᠦᠳᠴᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠢ ᠴᠢᠩᠭᠠᠳᠬᠠᠬᠤ | ᠬᠡᠷᠡᠭᠲᠡᠢ᠃ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢ ᠨᠢᠭᠡᠳᠦᠯᠲᠡᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ | ᠴᠢᠩᠭᠠᠳᠬᠠᠵᠤ᠂ ᠶᠡᠭᠡ ᠲᠠᠩᠰᠠ᠂ ᠶᠡᠷᠦᠩᠬᠡᠶᠢᠯᠡᠭᠰᠡᠨ ᠲᠠᠩᠰᠠ᠂ ᠠᠯᠤᠰ ᠭᠡᠲᠦ ᠶᠢᠨ ᠲᠠᠩᠰᠠ ᠶᠢ ᠪᠤᠳᠤᠬᠤ ᠳᠠᠭᠠᠨ | ᠴᠢᠳᠠᠮᠠᠭᠠᠢ ᠪᠠᠶᠢᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠬᠡᠷᠡᠭᠯᠡᠵᠦ ᠬᠠᠮᠲᠤ ᠪᠠᠷ ᠡᠳ᠋ᠯᠡᠭᠦ ᠲᠦᠪᠰᠢᠨ ᠢ ᠳᠡᠭᠡᠭᠰᠢᠯᠡᠭᠦᠯᠭᠦ | ᠬᠡᠷᠡᠭᠲᠡᠢ᠃ ᠲᠣᠮᠣ ᠤᠯᠤᠰ ᠤᠨ ᠨᠥᠭᠡᠴᠡ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠤᠯᠤᠰ ᠤᠨ ᠨᠥᠭᠡᠴᠡ ᠶᠢᠨ | ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠣᠯᠣᠨ | ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠭᠦ ᠳᠤ ᠡᠷᠬᠡᠪᠰᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠭᠦ ᠠᠴᠠ ᠬᠥᠳᠡᠯᠭᠡᠭᠦ | ᠬᠦᠴᠦᠨ ᠣᠯᠬᠤ ᠬᠡᠷᠡᠭᠲᠡᠢ᠃ ᠡᠳᠡᠭᠡᠷ ᠵᠢᠯ ᠤᠳ ᠲᠤ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠬᠤᠯᠪᠣᠭᠳᠠᠯ ᠪᠦᠬᠦᠢ ᠴᠢᠬᠤᠯᠠ ᠶᠡᠭᠡ | ᠥᠭᠡᠷᠡᠴᠢᠯᠡᠯᠲᠡ ᠶᠢ ᠬᠦᠴᠦ ᠪᠠᠨ ᠬᠠᠮᠲᠤᠳᠬᠠᠨ ᠠᠬᠢᠭᠤᠯᠵᠤ᠂ ᠴᠥᠭᠡᠨ ᠪᠤᠰᠤ ᠴᠢᠬᠤᠯᠠ ᠦᠷ᠎ᠡ ᠪᠦᠲᠦᠭᠡᠯ ᠣᠯᠪᠠ᠃ | ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠪᠠᠶᠢᠭᠤᠯᠤᠮᠵᠢ ᠲᠣᠭᠲᠠᠴᠠ ᠶᠢ ᠦᠷᠭᠦᠯᠵᠢᠯᠡᠨ | ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ ᠳᠦᠷᠢᠮ ᠢ ᠲᠡᠭᠦᠯᠳᠡᠷᠵᠢᠭᠦᠯᠵᠦ᠂ ᠲᠣᠰ ᠲᠣᠰ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠨᠢᠭᠲᠠ ᠬᠠᠮᠵᠢᠯᠴᠠᠭᠰᠠᠨ᠂ ᠵᠢᠷᠤᠮᠵᠢᠩᠭᠤᠢ ᠡᠮᠬᠢ ᠳᠢᠭᠯᠢᠮ ᠲᠠᠢ ᠠᠵᠢᠯ ᠤᠨ | ᠪᠠᠶᠢᠷᠢᠰᠢᠯ ᠢ ᠪᠦᠷᠢᠯᠳᠦᠭᠦᠯᠵᠦ᠂ ᠨᠢᠭᠡ ᠴᠣᠭᠴᠠᠵᠢᠭᠤᠯᠤᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠣᠯᠣᠨ | ᠴᠢᠳᠠᠪᠤᠷᠢ ᠶᠢᠨ ᠪᠠᠶᠢᠭᠤᠯᠤᠯᠲᠠ ᠶᠢ ᠨᠠᠩ ᠰᠠᠶᠢᠲᠤᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠡᠨᠡ ᠵᠢᠯ ᠪᠣᠯ ᠶᠠᠨ ᠠᠨ ᠤ ᠬᠤᠶᠠᠷ ᠢ ᠬᠦᠷᠢᠶᠡᠯᠡᠬᠦ ᠬᠥᠳᠡᠯᠭᠡᠭᠡᠨ ᠤ 80 ᠵᠢᠯ ᠤᠨ ᠤᠢ ᠪᠣᠯᠣᠨ᠎ᠠ᠃ | ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠢᠷᠠᠭᠤ | ᠠᠯᠳᠠᠷᠲᠤ ᠤᠯᠠᠮᠵᠢᠯᠠᠯ ᠢ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ | ᠪᠠᠬᠢᠵᠢᠭᠦᠯᠦᠨ ᠬᠥᠭᠵᠢᠭᠦᠯᠵᠦ᠂ ᠪᠦᠭᠦ ᠨᠡᠶᠢᠭᠡᠮ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ | ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠲᠦᠭᠡᠨ ᠪᠠᠶᠢᠭᠤᠯᠬᠤ᠂ ᠤᠯᠤᠰ ᠤᠨ | ᠪᠠᠲᠤᠯᠠᠨ ᠬᠠᠮᠠᠭᠠᠯᠠᠯᠲᠠ ᠶᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠨᠢᠭᠡ ᠴᠣᠭᠴᠠᠵᠢᠭᠰᠠᠨ | ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠣᠯᠣᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠭᠦ᠂ ᠤᠯᠤᠰ ᠢᠶᠠᠨ | ᠬᠦᠴᠦᠷᠬᠡᠭᠵᠢᠭᠦᠯᠬᠦ ᠴᠡᠷᠢᠭ ᠢ ᠬᠦᠴᠦᠷᠬᠡᠭᠵᠢᠭᠦᠯᠬᠦ ᠶᠢ ᠠᠬᠢᠭᠤᠯᠬᠤ ᠳᠤ ᠬᠦᠴᠦᠷᠬᠡᠭ ᠶᠡᠭᠡ ᠬᠦᠴᠦᠨ ᠴᠢᠳᠠᠯ ᠢ | ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠬᠤᠷᠠᠯ ᠠᠴᠠ ᠡᠮᠦᠨ᠎ᠡ᠂ ᠰᠢ ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠴᠢᠯᠦᠭᠡᠯᠡᠬᠦ ᠴᠡᠷᠢᠭ ᠪᠣᠯᠣᠨ | ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠭᠦᠮ ᠤᠨ ᠪᠦᠭᠦ ᠲᠥᠯᠥᠭᠡᠯᠡᠭᠴᠢᠳ ᠲᠠᠢ | ᠳᠣᠲᠣᠨᠣ ᠪᠠᠷ ᠠᠭᠤᠯᠵᠠᠭᠰᠠᠨ ᠪᠥᠭᠡᠳ ᠤᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ | | | | | 3 ᠰᠠᠷ᠎ᠠ ᠶᠢᠨ 8 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ | ᠤᠷᠤᠯᠴᠠᠵᠤ ᠪᠠᠶᠢᠭ᠎ᠠ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ | ᠪᠦᠯᠭᠦᠮ ᠤᠨ ᠪᠦᠭᠦᠳᠡ ᠬᠤᠷᠠᠯ ᠳᠤ ᠣᠷᠣᠯᠴᠠᠪᠠ᠃ ᠵᠢᠷᠤᠭ ᠪᠣᠯ ᠬᠤᠷᠠᠯ ᠠᠴᠠ ᠡᠮᠦᠨ᠎ᠡ᠂ ᠰᠢ ᠶᠢᠨ ᠫᠢᠩ | ᠲᠥᠯᠥᠭᠡᠯᠡᠭᠴᠢᠳ ᠤᠨ ᠪᠦᠯᠭᠦᠮ ᠤᠨ ᠪᠦᠭᠦ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠭᠰᠠᠨ ᠪᠥᠭᠡᠳ ᠤᠯᠠᠨ ᠲᠠᠢ | ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠭᠠᠩ | ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠬᠤᠷᠠᠯ ᠢ ᠡᠷᠭᠢᠯᠡᠵᠦ᠂ ᠨᠠᠮ ᠤᠨ ᠲᠥᠪ ᠬᠤᠷᠢᠶ᠎ᠠ ᠶᠢᠨ | ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ | ᠾᠧ ᠸᠧᠢ ᠳ᠋ᠦᠩ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢ ᠱᠠᠩ ᠹᠦ᠋᠂ ᠯᠢᠦ ᠵᠧᠨ ᠯᠢ᠂ | ᠮᠢᠶᠣᠣ ᠬᠤᠸᠠ᠂ ᠵᠠᠩ ᠱᠧᠩ ᠮᠢᠨ ᠬᠤᠷᠠᠯ ᠳᠤ ᠣᠷᠣᠯᠴᠠᠵᠠᠢ᠃ |