ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ 94 ᠳ᠋ᠤᠭᠡᠷ ᠬᠤᠷᠠᠯᠳᠤᠭᠠᠨ ᠬᠤᠷᠠᠯᠳᠤᠪᠠ
ᠨᠡᠶᠢᠲᠡᠯᠡᠭᠰᠡᠨ ᠴᠠᠭ᠄
2023/3/11
      3 ᠳ᠋ᠤᠭᠠᠷ ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 94 ᠳ᠋ᠤᠭᠡᠷ ᠤᠳᠠᠭᠠᠨ ᠤ ᠬᠤᠷᠠᠯ ᠬᠤᠷᠠᠯᠳᠤᠵᠤ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠸᠠᠩ ᠳ᠋ᠦᠩ ᠱᠧᠩ ᠬᠤᠷᠠᠯ ᠡᠷᠭᠢᠯᠡᠪᠡ᠃      ᠬᠤᠷᠠᠯ ᠠᠴᠠ᠂ ︽ᠪᠦᠬᠦ ᠤᠯᠤᠰ ᠤᠨ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠡᠩᠨᠡᠭᠡ ᠶᠢ ᠬᠥᠮᠥᠵᠢᠭᠦᠯᠦᠨ ᠴᠡᠭᠴᠡᠯᠡᠬᠦ ᠠᠵᠢᠯ ᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾ ᠪᠠ ᠪᠦᠬᠦ ᠤᠯᠤᠰ᠂ ᠪᠦᠬᠦ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠡᠩᠨᠡᠭᠡ ᠶᠢ ᠬᠥᠮᠥᠵᠢᠭᠦᠯᠦᠨ ᠴᠡᠭᠴᠡᠯᠡᠬᠦ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠲᠣᠭᠲᠠᠬᠤ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠡᠩᠨᠡᠭᠡ ᠶᠢ ᠬᠥᠮᠥᠵᠢᠭᠦᠯᠦᠨ ᠴᠡᠭᠴᠡᠯᠡᠬᠦ ᠠᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠢ ᠰᠤᠳᠤᠯᠤᠨ ᠶᠠᠷᠢᠯᠴᠠᠪᠠ︔ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠭᠡᠭᠡᠯᠲᠡ ᠶᠢᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ᠂ ᠪᠣᠯᠪᠠᠰᠤᠨ ᠲᠣᠰᠬᠤᠨ ᠪᠠᠯᠭᠠᠰᠤ ᠂ ᠪᠣᠯᠪᠠᠰᠤᠨ ᠨᠢᠭᠡᠴᠡ᠂ ᠪᠣᠯᠪᠠᠰᠤᠨ ᠭᠡᠷ ᠪᠦᠯᠢ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ ᠪᠠ ᠪᠣᠯᠪᠠᠰᠤᠨ ᠨᠡᠶᠢᠭᠡᠮ ᠲᠣᠭᠤᠷᠢᠭ ︵ᠵᠢᠵᠢᠭ ᠲᠣᠭᠤᠷᠢᠭ︶ ᠢ ᠨᠡᠷᠡᠶᠢᠳᠦᠨ ᠬᠥᠬᠢᠭᠦᠯᠬᠦ ᠲᠤᠬᠠᠢ ᠲᠣᠭᠲᠠᠭᠠᠯ︾ ᠢ ᠤᠯᠠᠮᠵᠢᠯᠠᠪᠠ︔ ᠣᠶᠢᠷ᠎ᠠ ᠶᠢᠨ ᠬᠤᠭᠤᠴᠠᠭᠠᠨ ᠳᠤ ᠭᠠᠳᠠᠭᠰᠢ ᠭᠠᠷᠴᠤ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠭᠰᠠᠨ ᠪᠠᠶᠢᠳᠠᠯ ᠂ ᠡᠯ᠎ᠡ ᠪᠠᠯᠭᠠᠰᠤ᠂ ᠬᠠᠲᠤᠨ ᠭᠤᠣᠯ ᠤᠨ  ᠨᠤᠭᠤ ᠭᠠᠵᠠᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠤᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠤᠯᠤᠰ᠂ ᠪᠦᠬᠦ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠬᠥᠮᠦᠵᠢᠯ ᠴᠡᠭᠴᠡᠯᠡᠯᠲᠡ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠵᠠᠷᠴᠢᠮ ᠤᠨ ᠱᠠᠭᠠᠷᠳᠠᠯᠭ᠎ᠠ᠂ ᠠᠵᠢᠯ ᠤᠨ ᠱᠠᠭᠠᠷᠳᠠᠯᠭ᠎ᠠ᠂ ᠬᠠᠷᠠᠯᠲᠠ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠬᠠᠮᠤᠭ ᠤᠨ ᠢᠯᠡ ᠲᠣᠳᠣᠷᠬᠠᠢ ᠣᠪᠣᠷ᠂ ᠬᠠᠮᠤᠭ ᠤᠨ ᠬᠦᠴᠦᠲᠡᠢ ᠠᠷᠭ᠎ᠠ ᠬᠡᠮᠵᠢᠶ᠎ᠡ᠂ ᠬᠠᠮᠤᠭ ᠤᠨ ᠡᠷᠡᠰ ᠰᠢᠭᠤᠷᠬᠠᠢ ᠠᠵᠢᠯᠯᠠᠭ᠎ᠠ ᠪᠠᠷ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠦᠵᠡᠵᠦ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠯ᠎ᠡ ᠭᠤᠭᠴᠤᠭ᠎ᠠ ᠶᠢᠨ ᠠᠵᠢᠯ ᠢ ᠪᠠᠬᠢᠵᠢᠭᠦᠯᠦᠨ ᠳᠡᠭᠡᠭᠰᠢᠯᠡᠭᠦᠯᠵᠦ᠂ ᠦᠨᠡᠨᠴᠢ ᠰᠢᠳᠤᠷᠭᠤ ᠴᠡᠪᠡᠷ ᠴᠢᠬᠡᠴᠢ ᠡᠭᠦᠷᠭᠡᠯᠡᠯ ᠲᠠᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠵᠠᠮ ᠤᠨ ᠴᠡᠷᠢᠭ ᠢ ᠪᠠᠶᠢᠭᠤᠯᠤᠨ᠎ᠠ ᠭᠡᠵᠡᠢ      ᠬᠤᠷᠠᠯ ᠠᠴᠠ᠂ ᠢᠷᠠᠭᠤ ᠠᠯᠳᠠᠷᠲᠤ ᠰᠡᠳᠬᠢᠯᠭᠡ ᠪᠠᠨ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠳᠠ ᠶᠢᠨ ᠢᠷᠠᠭᠤ ᠠᠯᠳᠠᠷ ᠢ ᠨᠠᠨᠳᠢᠩᠨᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠳᠠᠭᠤᠷᠢᠶᠠᠯ ᠪᠣᠯᠭᠠᠵᠤ᠂ ᠪᠣᠯᠪᠠᠰᠤᠨ ᠢ ᠪᠣᠶᠢᠵᠢᠭᠤᠯᠬᠤ᠂ ᠪᠣᠯᠪᠠᠰᠤᠨ ᠢ ᠦᠢᠯᠡᠳᠦᠯᠭᠡᠵᠢᠭᠦᠯᠬᠦ᠂ ᠪᠣᠯᠪᠠᠰᠤᠨ ᠢ ᠡᠭᠦᠳᠦᠨ ᠪᠠᠶᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠤᠲᠤᠭ ᠤᠰᠤ ᠪᠠᠨ ᠬᠠᠶᠢᠷᠠᠯᠠᠬᠤ᠂ ᠨᠤᠲᠤᠭ ᠤᠰᠤ ᠪᠠᠨ ᠬᠥᠭᠵᠢᠭᠦᠯᠬᠦ ᠤᠬᠠᠮᠰᠠᠷ ᠢ ᠪᠤᠢ ᠪᠣᠯᠭᠠᠬᠤ ᠬᠡᠷᠡᠭᠲᠡᠢ᠃ ᠬᠠᠲᠤᠨ ᠭᠤᠣᠯ ᠤᠨ ᠨᠤᠭᠤ ᠭᠠᠵᠠᠷ ᠤᠨ ᠬᠠᠮᠢᠶᠠᠷᠤᠨ ᠬᠠᠮᠠᠭᠠᠯᠠᠬᠤ ᠲᠥᠪ ᠤᠨ ᠡᠬᠢ ᠪᠠᠶᠠᠯᠢᠭ ᠤᠨ ᠳᠠᠪᠠᠭᠤᠯᠢᠭ ᠢ ᠰᠠᠶᠢᠲᠤᠷ ᠠᠰᠢᠭᠯᠠᠨ᠂ 20 ᠲᠦᠮᠡᠨ ᠰᠠᠭᠠᠯᠢ ᠶᠢᠨ ᠦᠨᠢᠶ᠎ᠡ ᠶᠢᠨ ᠲᠥᠷᠥᠯ ᠵᠦᠢᠯ ᠳᠤ ᠲᠦᠰᠢᠭᠯᠡᠨ ᠡᠨᠡ ᠬᠦ ᠨᠡᠷ᠎ᠡ ᠶᠢᠨ ᠬᠠᠭᠤᠳᠠᠰᠤ ᠶᠢ ᠪᠦᠲᠦᠭᠡᠨ ᠪᠠᠶᠢᠭᠤᠯᠵᠤ᠂ ︽ᠶᠡᠭᠡ ᠦᠵᠡᠮᠵᠢ︾ ᠶᠢᠨ ᠣᠨᠣᠯᠵᠢᠬᠤᠨ ᠢᠶᠠᠷ ᠠᠷᠭ᠎ᠠ ᠰᠦᠪᠡᠭᠴᠢᠯᠡᠵᠦ᠂ ᠪᠠᠶᠢᠷᠢ ᠰᠠᠭᠤᠷᠢ ᠪᠠ ᠪᠣᠷᠣ ᠲᠥᠯᠥᠪ ᠢ ᠰᠠᠶᠢᠲᠤᠷ ᠲᠣᠭᠲᠠᠭᠠᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠴᠢᠭᠯᠡᠯ ᠪᠠ ᠠᠷᠭ᠎ᠠ ᠵᠠᠮ ᠢ ᠲᠣᠳᠣᠷᠬᠠᠶᠢᠯᠠᠵᠤ᠂ ᠬᠤᠳᠠᠯᠳᠤᠭᠠᠴᠢᠨ ᠤᠷᠢᠬᠤ ᠵᠠᠭᠪᠤᠷ ᠢ ᠪᠠᠶᠠᠯᠢᠭᠵᠢᠭᠤᠯᠤᠨ᠂ ᠬᠤᠳᠠᠯᠳᠤᠭᠠᠴᠢᠨ ᠤᠷᠢᠬᠤ ᠰᠡᠳᠬᠢᠴᠡ ᠪᠠᠨ ᠥᠷᠭᠡᠳᠬᠡᠵᠦ᠂ ᠤᠬᠠᠭᠤᠯᠤᠨ ᠲᠠᠨᠢᠯᠴᠠᠭᠤᠯᠬᠤ ᠪᠠᠨ ᠴᠢᠩᠭᠠᠳᠬᠠᠵᠤ᠂ ᠮᠢᠩᠭᠠᠨ ᠳ᠋ᠦᠩᠰᠢᠭᠤᠷ ᠲᠠᠰ ᠤᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠲᠣᠰᠬᠤᠨ ᠤ ᠬᠠᠮᠲᠤ ᠶᠢᠨ ᠠᠵᠤ ᠠᠬᠤᠢ᠂ ᠠᠵᠤ ᠦᠢᠯᠡᠰ ᠤᠨ ᠬᠥᠭᠵᠢᠯᠲᠡ ᠲᠠᠢ ᠤᠶᠠᠯᠳᠤᠭᠤᠯᠵᠤ᠂ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠬᠠᠮᠲᠤ ᠪᠠᠷ ᠣᠷᠣᠯᠴᠠᠭᠤᠯᠵᠤ᠂ ᠣᠯᠠᠨ ᠲᠦᠮᠡᠨ ᠤ ︽ᠡᠵᠡᠨ ᠬᠥᠮᠥᠨ︾ ᠤ ᠤᠬᠠᠮᠰᠠᠷ ᠢ ᠬᠥᠭᠵᠢᠭᠡᠨ᠂ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1