ᠲᠣᠭᠲᠠᠬᠤ ᠰᠢᠶᠠᠨ ᠤ ᠰᠢᠨ᠎ᠡ ᠶᠢᠩᠽᠢ ᠪᠠᠯᠭᠠᠰᠤ᠄ ︽ᠯᠢᠶᠠᠩ ᠱᠠᠨ ᠰᠠᠶᠢᠨ ᠬᠤᠨᠢ︾ ᠶᠢ ᠦᠡᠷᠡᠵᠢᠭᠦᠯᠦᠨ ᠪᠠᠶᠠᠵᠢᠯ ᠤᠨ ᠵᠠᠮ ᠢ ᠨᠡᠭᠡᠭᠡᠪᠡ
ᠨᠡᠶᠢᠲᠡᠯᠡᠭᠰᠡᠨ ᠴᠠᠭ᠄
2023/3/11
      ᠣᠶᠢᠷ᠎ᠠ ᠶᠢᠨ ᠵᠢᠯ ᠳᠤ᠂ ᠲᠣᠭᠲᠠᠬᠤ ᠰᠢᠶᠠᠨ ᠤ ᠰᠢᠨ᠎ᠡ ᠶᠢᠩᠽᠢ ᠪᠠᠯᠭᠠᠰᠤ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠬᠤ ᠪᠠᠷ ᠳᠠᠮᠵᠢᠭᠤᠯᠤᠨ᠂ ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠪᠣᠳᠠᠲᠤ ᠪᠠᠶᠢᠳᠠᠯ ᠳᠤ ᠰᠠᠭᠤᠷᠢᠯᠠᠨ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠰᠢᠶᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠣᠰᠬᠤᠨ ᠤ ᠬᠠᠮᠲᠤ ᠶᠢᠨ ᠠᠵᠤ ᠠᠬᠤᠢ ᠶᠢᠨ ᠭᠤᠣᠯᠳᠠᠯᠭ᠎ᠠ ᠲᠠᠢ ᠲᠡᠳᠬᠦᠬᠦ ᠪᠡᠯᠡ ᠮᠥᠩᠭᠦ ᠶᠢ ᠤᠯᠠᠨ ᠤᠳᠠᠭ᠎ᠠ ᠲᠡᠮᠡᠴᠡᠨ ᠣᠯᠵᠤ᠂ ᠡᠯ᠎ᠡ ᠲᠣᠰᠬᠤᠨ ᠤ ᠬᠠᠮᠲᠤ ᠶᠢᠨ ᠠᠵᠤ ᠠᠬᠤᠢ ᠶᠢᠨ︽ᠴᠢᠰᠤ ᠪᠦᠲᠦᠭᠡᠬᠦ︾ ᠴᠢᠳᠠᠪᠬᠢ ᠶᠢ ᠦᠷᠭᠦᠯᠵᠢᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃
     14 ᠴᠠᠭ ᠤᠨ ᠠᠶᠠᠨ ᠢᠶᠠᠷ ᠳᠠᠮᠵᠢᠭᠠᠳ᠂ ᠱᠠᠨᠳᠦ᠋ᠩ ᠤᠨ ᠵᠢᠨᠢᠩ ᠤᠨ ᠯᠢᠶᠠᠩᠱᠠᠨ ᠠᠴᠠ ᠳ᠋ᠦ᠋ ᠪᠥᠸᠧ ᠬᠤᠨᠢ ᠶᠢ ᠳᠦᠭᠦᠷᠲᠡᠯ᠎ᠡ ᠲᠡᠭᠡᠭᠡᠭᠰᠡᠨ ᠵᠥᠭᠡᠭᠡᠪᠦᠷᠢ ᠶᠢᠨ ᠲᠡᠷᠭᠡ ᠠᠭᠠᠵᠢᠮ ᠢᠶᠠᠷ ᠲᠣᠭᠲᠠᠬᠤ ᠰᠢᠶᠠᠨ ᠤ ᠰᠢᠨ᠎ᠡ ᠶᠢᠩᠽᠢ ᠪᠠᠯᠭᠠᠰᠤᠨ ᠤ ᠮᠠ ᠱᠢ ᠶᠣᠣ ᠲᠣᠰᠬᠤᠨ ᠤ ᠳ᠋ᠦᠩ ᠠᠢ ᠲᠠᠷᠢᠮᠠᠯ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠶᠢᠨ ᠡᠭᠦᠳᠡᠨ ᠳᠤ ᠵᠣᠭᠰᠣᠵᠤ᠂ ᠤᠳᠠᠲᠠᠯ᠎ᠠ ᠬᠦᠯᠢᠶᠡᠭᠰᠡᠨ ᠠᠵᠢᠯᠲᠠᠳ ᠰᠡᠳᠬᠢᠯ ᠳᠣᠭᠳᠣᠯᠤᠭᠰᠠᠨ ᠰᠡᠳᠬᠢᠯᠭᠡ ᠪᠠᠨ ᠳᠠᠷᠤᠵᠤ ᠶᠠᠳᠠᠨ ᠡᠨᠡᠬᠦ ᠲᠡᠷᠭᠡᠨ ᠤ ︽ᠬᠠᠷ᠎ᠠ ᠲᠦᠷᠦᠭᠦᠲᠦ ᠬᠤᠨᠢ︾ ᠶᠢ ᠠᠵᠢᠭᠯᠠᠵᠤ ᠪᠠᠶᠢᠯ᠎ᠠ᠃ ᠲᠡᠷᠭᠡ ᠶᠢ ᠠᠷᠢᠭᠤᠳᠬᠠᠵᠤ᠂ ᠬᠢᠵᠢᠭ ᠤᠨ ᠪᠠᠢᠴᠠᠭᠠᠯᠲᠠ ᠶᠢᠨ ᠭᠡᠷᠡᠴᠢᠯᠡᠯ ᠢ ᠪᠠᠢᠴᠠᠭᠠᠵᠤ ᠦᠵᠡᠨ᠎ᠡ …᠃ ᠠᠯᠢ ᠣᠯᠠᠨ ᠴᠢᠩᠭ᠎ᠠ ᠨᠢᠮᠪᠠᠢ ᠠᠯᠬᠤᠮ ᠳᠠᠷᠠᠭ᠎ᠠ ᠶᠢ ᠥᠩᠭᠡᠷᠡᠭᠡᠭᠰᠡᠨ ᠤ ᠳᠠᠷᠠᠭ᠎ᠠ᠂ ᠲᠡᠭᠡᠭᠡᠪᠦᠷᠢ ᠶᠢᠨ ᠲᠡᠷᠭᠡ ᠠᠭᠠᠵᠢᠮ ᠢᠶᠠᠷ ᠬᠤᠷᠰᠢᠶᠠᠨ ᠳᠤ ᠣᠷᠣᠪᠠ᠃ 400 ᠳ᠋ᠦ᠋ ᠪᠥᠸᠧ ᠬᠤᠨᠢ ᠬᠠᠯᠬᠠᠪᠴᠢ ᠬᠠᠪᠲᠠᠰᠤᠨ ᠤ ᠨᠡᠭᠡᠭᠡᠭᠳᠡᠬᠦ   ᠶᠢ ᠳᠠᠭᠠᠯᠳᠤᠨ᠂ ᠠᠵᠢᠯᠲᠠᠳ ᠤᠨ ᠢᠶᠠᠨ ᠳᠠᠭᠠᠭᠤᠯᠭ᠎ᠠ ᠪᠠᠷ ᠮᠠᠰᠢ ᠲᠦᠷᠭᠡᠨ ᠢᠶᠠᠷ ᠳᠠᠪᠬᠢᠵᠤ᠂ ᠲᠡᠳᠡᠨ ᠤ ᠰᠢᠨ᠎ᠡ ᠭᠡᠷ ᠲᠤ ᠤᠷᠤᠪᠠ᠃
     ︽ᠤᠰᠤᠨ ᠣᠩᠭᠤᠴᠠ ᠡᠳᠦᠷ ᠪᠦᠷᠢ ᠬᠤᠶᠠᠷ ᠤᠳᠠᠭ᠎ᠠ ᠤᠤᠭᠤᠬᠤ ᠤᠰᠤ ᠰᠣᠯᠢᠵᠤ᠂ ᠬᠤᠶᠠᠷ ᠠᠴᠠ ᠭᠤᠷᠪᠠᠨ ᠡᠳᠦᠷ ᠠᠯᠤᠰᠯᠠᠬᠤ ᠪᠦᠷᠢ ᠨᠢᠭᠡ ᠤᠳᠠᠭ᠎ᠠ ᠬᠤᠨᠢᠨ ᠰᠠᠷᠠᠪᠴᠢ ᠶᠢ ᠴᠡᠪᠡᠷᠯᠡᠵᠦ᠂ ᠬᠤᠨᠢᠨ ᠰᠠᠷᠠᠪᠴᠢ ᠶᠢᠨ ᠠᠷᠢᠭᠤᠨ ᠴᠡᠪᠡᠷ ᠢ ᠪᠠᠲᠤᠯᠠᠬᠤ ᠬᠡᠷᠡᠭᠲᠡᠢ ᠁︾ ᠲᠡᠷᠢ ᠲᠡᠭᠰᠢ ᠬᠠᠰᠢᠶ᠎ᠠ ᠶᠢᠨ ᠳᠣᠲᠣᠷ᠎ᠠ᠂ ᠬᠤᠨᠢᠨ ᠤ ᠰᠠᠷᠠᠪᠴᠢ  ᠶᠢᠨ ᠬᠠᠮᠢᠶᠠᠷᠤᠯᠲᠠ ᠶᠢᠨ ᠠᠵᠢᠯᠲᠠᠨ ᠮᠠᠲ᠋ᠧᠷᠢᠶᠠᠯ ᠰᠠᠴᠤᠬᠤ ᠴᠠᠬᠢᠯᠭᠠᠨ ᠲᠡᠷᠭᠡ ᠪᠠᠷ ᠬᠤᠨᠢᠨ ᠳᠤ ᠡᠪᠡᠰᠦ ᠪᠣᠷᠳᠤᠭ᠎ᠠ ᠬᠢᠵᠦ ᠥᠭᠬᠦ ᠶᠢᠨ ᠳᠠᠭᠠᠤ ᠣᠯᠠᠨ ᠳᠤ ᠳ᠋ᠦ᠋ ᠪᠥᠸᠧ ᠬᠤᠨᠢᠨ ᠤ ᠲᠡᠵᠢᠭᠡᠨ ᠦᠷᠡᠵᠢᠭᠦᠯᠦᠭᠰᠡᠨ ᠲᠤᠷᠰᠢᠯᠭ᠎ᠠ ᠪᠠᠨ ᠲᠠᠨᠢᠯᠴᠠᠭᠤᠯᠵᠤ ᠪᠠᠶᠢᠯ᠎ᠠ᠃
     ︽ᠡᠨᠡ ᠤᠳᠠᠭ᠎ᠠ ᠶᠢᠨ ᠳ᠋ᠦ᠋ ᠪᠥᠸᠧ ᠬᠤᠨᠢ ᠶᠢ ᠣᠷᠣᠭᠤᠯᠵᠤ ᠠᠪᠴᠢᠷᠠᠭᠰᠠᠨ ᠨᠢ᠂ ᠮᠠᠨ ᠤ ᠲᠣᠰᠬᠤᠨ ᠤ ᠠᠯᠠᠰᠢᠨ ᠬᠤᠨᠢᠨ ᠤ ᠲᠡᠵᠢᠭᠡᠪᠦᠷᠢ ᠶᠢᠨ ᠦᠢᠯᠡᠰ ᠤᠨ ᠲᠡᠭ ᠠᠴᠠ ᠨᠢᠭᠡ ᠪᠣᠯᠬᠤ ᠰᠢᠪᠲᠤᠯᠤᠯᠲᠠ ᠶᠢ ᠪᠡᠶᠡᠯᠡᠭᠦᠯᠵᠦ᠂ ᠬᠤᠷᠰᠢᠶᠠᠵᠢᠯ ᠤᠨ ᠬᠥᠭᠵᠢᠯᠲᠡ ᠨᠢ ᠲᠤᠰ ᠭᠠᠴᠠᠭᠠᠨ ᠤ ᠠᠷᠠᠳ ᠲᠤ ︿ᠭᠡᠷ ᠤᠨ ᠡᠭᠦᠳᠡᠨ ᠳᠤ﹀ ᠠᠵᠢᠯᠯᠠᠬᠤ ᠲᠣᠬᠢᠶᠠᠯ ᠤᠯᠭᠤᠵᠠᠢ᠂ ᠳᠠᠷᠠᠭᠠᠴᠢ ᠶᠢᠨ ᠠᠯᠬᠤᠮ ᠳᠤ᠂ ᠮᠠᠨ ᠤ ᠲᠣᠰᠬᠤᠨ ᠦᠷᠭᠦᠯᠵᠢᠯᠡᠨ ᠲᠣᠰᠬᠤᠨ ᠤ ᠬᠠᠮᠲᠤ ᠶᠢᠨ ᠬᠥᠭᠵᠢᠯᠲᠡ ᠶᠢ ᠭᠤᠣᠯᠳᠠᠯᠭ᠎ᠠ ᠲᠠᠢ ᠲᠡᠳᠬᠦᠬᠦ ᠪᠡᠯᠡ ᠮᠥᠩᠭᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠪᠡᠯᠡ ᠮᠥᠩᠭᠦ ᠳᠤ ᠲᠦᠰᠢᠭᠯᠡᠵᠦ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠯᠣᠭᠤᠳᠤᠯᠭ᠎ᠠ ᠳᠣᠣᠷ᠎ᠠ᠂ ᠡᠪᠡᠰᠦ ᠪᠣᠷᠳᠣᠭᠠᠨ ᠤ ᠰᠠᠷᠠᠪᠴᠢ ᠶᠢ ᠢᠳᠡᠪᠬᠢᠲᠡᠢ ᠪᠠᠶᠢᠭᠤᠯᠬᠤ ᠶᠢᠨ ᠬᠠᠮᠲᠤ᠂ ᠰᠢᠶᠠᠨ ᠤ ᠱᠠᠲᠤᠨ ᠤ ᠲᠡᠵᠢᠭᠡᠨ ᠦᠷᠡᠵᠢᠭᠦᠯᠬᠦ ᠮᠡᠷᠭᠡᠵᠢᠯᠲᠡᠨ ᠳᠤ ᠮᠡᠷᠭᠡᠵᠢᠯ ᠤᠨ ᠵᠢᠯᠣᠭᠤᠳᠤᠯᠭ᠎ᠠ ᠣᠯᠭᠤᠵᠤ᠂ ᠮᠠᠨ ᠤ ᠲᠣᠰᠬᠤᠨ ᠤ ᠲᠡᠵᠢᠭᠡᠨ ᠦᠷᠡᠵᠢᠭᠦᠯᠬᠦ ᠦᠢᠯᠡᠰ ᠢ ᠤᠳᠤ ᠶᠢᠨ ᠰᠠᠭᠤᠷᠢᠨ ᠳᠡᠭᠡᠷ᠎ᠡ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠣᠰᠬᠤᠨ ᠤ ᠠᠷᠠᠳ ᠤᠨ ᠤᠷᠤᠯᠭ᠎ᠠ ᠶᠢ ᠤᠯᠠᠮ ᠠᠴᠠ ᠤᠯᠠᠮ ᠨᠡᠮᠡᠭᠳᠡᠭᠦᠯᠦᠨ᠎ᠡ︾ ᠭᠡᠵᠦ ᠬᠡᠯᠡᠪᠡ᠃ ᠭᠡᠵᠦ ᠮᠠ ᠱᠢ ᠶᠣᠣ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠸᠠᠩ ᠭᠤᠸᠠᠩ ᠢ ᠬᠡᠯᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1