2023 ᠣᠨ ᠤ ᠲᠣᠭᠲᠠᠬᠤ ᠰᠢᠶᠠᠨ ᠤ ᠳᠥᠷᠪᠡᠳᠦᠭᠡᠷ ᠬᠤᠭᠤᠴᠠᠭᠠᠨ ᠤ ᠬᠠᠲᠤᠨ ᠭᠤᠣᠯ ᠤᠨ ᠵᠢᠭᠠᠰᠤᠨ ᠤ ᠨᠠᠶᠢᠷ ᠭᠤᠶᠢᠳᠠ ᠰᠠᠶᠢᠬᠠᠨ ᠶᠠᠪᠤᠭᠳᠠᠪᠠ
ᠨᠡᠶᠢᠲᠡᠯᠡᠭᠰᠡᠨ ᠴᠠᠭ᠄
2023/3/12
      ᠭᠤᠷᠪᠠᠨ ᠰᠠᠷ᠎ᠠ ᠶᠢᠨ ᠬᠠᠪᠤᠷ ᠤᠨ ᠡᠷᠲᠡ ᠪᠠᠷ ᠬᠠᠯᠢᠭᠤᠨ ᠴᠠᠯᠭᠢᠯᠠᠵᠤ᠂ ᠬᠠᠲᠤᠨ ᠭᠤᠣᠯ ᠤᠨ ᠮᠥᠷᠭᠦ ᠵᠢᠭᠠᠰᠤ ᠠᠩᠬᠢᠯᠤᠮ᠎ᠠ ᠰᠠᠶᠢᠬᠠᠨ ᠦᠨᠦᠷ ᠬᠠᠩᠬᠤᠯᠤᠨ᠎ᠠ᠃ ᠬᠠᠪᠤᠷ ᠤᠨ ᠤᠯᠠᠷᠢᠯ ᠳᠤ ᠲᠦᠮᠡᠨ ᠪᠣᠳᠠᠰ ᠠᠮᠢᠯᠠᠨ ᠰᠡᠷᠭᠦᠵᠦ᠂ 3 ᠳ᠋ᠤᠭᠠᠷ ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠲᠤᠭᠳᠠᠬᠤ ᠰᠢᠶᠠᠨ ᠤ ᠳᠥᠷᠪᠡᠳᠦᠭᠡᠷ ᠬᠤᠭᠤᠴᠠᠭᠠᠨ ᠤ ᠬᠠᠲᠤᠨ ᠭᠤᠣᠯ ᠤᠨ ᠵᠢᠭᠠᠰᠤᠨ ᠨᠠᠶᠢᠷ ᠬᠠᠲᠤᠨ ᠭᠤᠣᠯ ᠤᠨ ᠨᠤᠭᠤ ᠭᠠᠵᠠᠷ ᠢ ᠬᠠᠮᠢᠶᠠᠷᠤᠨ ᠬᠠᠮᠠᠭᠠᠯᠠᠬᠤ ᠲᠥᠪ ᠤᠨ ᠬᠤᠸ ᠵᠢᠶᠠ ᠶᠣᠣ ᠲᠣᠰᠬᠤᠨ ᠤ ᠰᠣᠶᠣᠯ ᠤᠨ ᠲᠠᠯᠠᠪᠠᠶ ᠳᠤ ᠡᠬᠢᠯᠡᠪᠡ᠃ ᠲᠣᠰ ᠤᠳᠠᠭᠠᠨ ᠤ ᠠᠵᠢᠯᠯᠠᠭ᠎ᠠ ᠨᠢ ᠪᠠᠶᠠᠯᠢᠭ ᠰᠠᠶᠢᠬᠠᠨ᠂ ᠠᠭᠤᠯᠭ᠎ᠠ ᠨᠢ ᠣᠯᠠᠨ ᠶᠠᠩᠵᠤ ᠶᠢᠨ ᠪᠠᠶᠢᠵᠤ᠂ ᠴᠢᠨᠠᠭᠰᠠᠨ ᠵᠢᠭᠠᠰᠤ ᠭᠠᠯ ᠲᠣᠭᠤᠭᠠᠨ ᠤ ᠮᠡᠷᠭᠡᠵᠢᠯ ᠤᠨ ᠤᠷᠤᠯᠳᠤᠭᠠᠨ᠂ ᠪᠣᠳᠠᠰ ᠤᠨ ᠪᠤᠰᠤ ᠰᠣᠶᠣᠯ ᠤᠨ ᠥᠪ ᠤᠨ ᠵᠦᠢᠯᠡᠰ ᠤᠨ ᠦᠵᠡᠭᠦᠯᠦᠯᠭᠡ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠤᠯᠲᠠ᠂ ᠤᠷᠠᠨ ᠰᠠᠶᠢᠬᠠᠨ ᠤ ᠲᠣᠭᠯᠠᠯᠲᠠ᠂ ᠬᠡᠷᠡᠯ ᠵᠢᠷᠤᠭ ᠤᠨ ᠦᠵᠡᠭᠦᠯᠦᠯᠭᠡ ᠵᠡᠷᠭᠡ ᠥᠪᠡᠷᠮᠢᠴᠡ ᠣᠨᠴᠠᠯᠢᠭ ᠲᠠᠢ ᠠᠵᠢᠯᠯᠠᠭ᠎ᠠ ᠨᠢᠭᠡ ᠨᠢᠭᠡ ᠪᠠᠷ ᠢᠯᠡᠷᠡᠬᠦ ᠪᠣᠯᠣᠨ᠎ᠠ᠃
     ︽ᠬᠠᠲᠤᠨ ᠭᠤᠣᠯ ᠤᠨ ᠰᠥᠩ ᠬᠠᠯᠢᠶ᠎ᠠ ᠶᠢ ᠰᠣᠨᠢᠷᠬᠠᠨ᠂ ᠵᠢᠭᠠᠰᠤᠨ ᠳᠠᠶᠢᠯᠠᠯᠭ᠎ᠠ ᠶᠢ ᠠᠮᠳᠠᠯᠠᠶ᠎ᠠ︾ ᠪᠠᠷ ᠭᠤᠣᠯ ᠰᠡᠳᠦᠪ ᠪᠣᠯᠭᠠᠭᠰᠠᠨ ᠳᠥᠷᠪᠡᠳᠦᠭᠡᠷ ᠬᠤᠭᠤᠴᠠᠭᠠᠨ ᠤ ᠬᠠᠲᠤᠨ ᠭᠤᠣᠯ ᠤᠨ ᠵᠢᠭᠠᠰᠤᠨ ᠨᠠᠶᠢᠷ ᠪᠣᠯ ᠲᠣᠭᠲᠠᠬᠤ ᠰᠢᠶᠠᠨ ᠤ ᠣᠶᠢᠷ᠎ᠠ ᠶᠢᠨ ᠵᠢᠯ ᠳᠤ ︽ᠬᠠᠲᠤᠨ ᠭᠤᠣᠯ ᠤᠨ ︿几﹀ ᠥᠰᠥᠭ ᠤᠨ ᠮᠤᠷᠤᠢ · ᠰᠢᠳᠢᠲᠦ ᠲᠣᠭᠲᠠᠬᠤ︾ ᠭᠤᠣᠯ ᠰᠡᠳᠦᠪ ᠤᠨ ᠲᠣᠭᠤᠷᠢᠨ ᠳᠤ ᠬᠠᠪᠤᠷ ᠤᠨ ᠤᠯᠠᠷᠢᠯ ᠤᠨ ᠵᠢᠭᠤᠯᠴᠢᠯᠠᠯ ᠤᠨ ︽ᠠᠯᠲᠠᠨ ᠦᠰᠦᠭᠲᠦ ᠫᠠᠶᠢᠰᠠ︾ ᠪᠣᠯᠣᠨ᠎ᠠ᠃ ᠡᠭᠦᠨ ᠤ ᠵᠣᠷᠢᠯᠭ᠎ᠠ ᠨᠢ ᠬᠠᠲᠤᠨ ᠭᠤᠣᠯ ᠤᠨ ᠰᠣᠶᠣᠯ᠂ ᠶᠦᠨᠨᠠᠨ ᠳᠤᠮᠳᠠᠳᠤ ᠶᠢᠨ ᠰᠣᠶᠣᠯ᠂ ᠲᠣᠭᠲᠠᠬᠤ ᠤᠯᠠᠮᠵᠢᠯᠠᠯᠲᠤ ︽ᠬᠠᠲᠤᠨ ᠭᠤᠣᠯ ᠤᠨ ᠵᠢᠭᠠᠰᠤᠨ ᠰᠣᠶᠣᠯ︾ ᠵᠡᠷᠭᠡ ᠰᠢᠯᠢᠳᠡᠭ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠲᠣᠭᠲᠠᠬᠤ ᠰᠢᠶᠠᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠣᠷᠣᠨ ᠤ ᠲᠥᠪ ᠤᠨ ᠡᠮᠦᠨᠡᠲᠦ ᠬᠡᠰᠡᠭ ᠤᠨ ᠬᠠᠲᠤᠨ ᠭᠤᠣᠯ ᠤᠨ ᠦᠵᠡᠮᠵᠢ ᠶᠢᠨ ᠰᠣᠶᠣᠯ ᠵᠢᠭᠤᠯᠴᠢᠯᠠᠯ ᠤᠨ ᠣᠷᠣᠨ ᠢ ᠪᠠᠶᠢᠭᠤᠯᠬᠤ ᠶᠢᠨ ᠲᠥᠯᠥᠭᠡ ᠶᠤᠮ᠃
     ︽ᠡᠨᠡ ᠵᠢᠯ ᠤᠨ ᠬᠠᠲᠤᠨ ᠭᠤᠣᠯ ᠤᠨ ᠵᠢᠭᠠᠰᠤᠨ ᠨᠠᠶᠢᠷ 3 ᠳ᠋ᠤᠭᠠᠷ ᠰᠠᠷ᠎ᠠ ᠶᠢᠨ 11 ᠤ ᠡᠳᠦᠷ ᠠᠴᠠ ᠡᠬᠢᠯᠡᠵᠦ᠂ 3 ᠳ᠋ᠤᠭᠠᠷ ᠰᠠᠷ᠎ᠠ ᠶᠢᠨ 19 ᠤ ᠡᠳᠦᠷ ᠳᠠᠭᠤᠰᠤᠨ᠎ᠠ᠂ 9 ᠡᠳᠦᠷ ᠦᠷᠭᠦᠯᠵᠢᠯᠡᠨ᠎ᠡ᠃ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠬᠤᠲᠠ ᠶᠢᠨ ᠳᠦᠷᠢ ᠲᠥᠷᠬᠦ ᠶᠢ ᠪᠤᠶ ᠪᠣᠯᠭᠠᠵᠤ᠂ ᠬᠠᠲᠤᠨ ᠭᠤᠣᠯ ᠤᠨ ᠰᠣᠶᠣᠯ   ᠢ ᠭᠦᠢᠴᠡᠳ ᠠᠭᠤᠳᠠᠯᠤᠨ ᠭᠠᠷᠭᠠᠵᠤ᠂ ᠲᠣᠭᠲᠠᠬᠤ ᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠳᠡᠯᠭᠡᠨ ᠦᠵᠡᠭᠦᠯᠵᠦ᠂ ᠲᠣᠭᠲᠠᠬᠤ ᠰᠢᠶᠠᠨ ᠤ ᠵᠢᠭᠤᠯᠴᠢᠯᠠᠯ ᠤᠨ ᠡᠬᠢ ᠪᠠᠶᠠᠯᠢᠭ ᠢ ᠭᠦᠢᠴᠡᠳ ᠳᠡᠯᠭᠡᠨ ᠦᠵᠡᠭᠦᠯᠵᠦ᠂ ᠨᠡᠩ ᠣᠯᠠᠨ ᠬᠥᠮᠥᠰ ᠲᠤ ᠲᠣᠭᠲᠠᠬᠤ ᠶᠢ ᠣᠶᠢᠯᠠᠭᠠᠭᠤᠯᠵᠤ᠂ ᠬᠠᠲᠤᠨ ᠭᠤᠣᠯ ᠤᠨ ᠵᠢᠭᠠᠰᠤᠨ  ᠨᠠᠶᠢᠷ ᠢ ᠲᠥᠪ ᠬᠤᠲᠠ ᠶᠢᠨ ᠬᠠᠪᠤᠷ ᠤᠨ ᠤᠯᠠᠷᠢᠯ ᠤᠨ ᠵᠢᠭᠤᠯᠴᠢᠯᠠᠯ ᠤᠨ ᠨᠡᠷᠡᠲᠦ ᠲᠡᠮᠳᠡᠭ ᠪᠣᠯᠭᠠᠨ᠂ ᠲᠥᠪ ᠬᠤᠲᠠ ᠶᠢᠨ ᠡᠮᠦᠨᠡᠲᠦ ᠬᠡᠰᠡᠭ ᠤᠨ ᠬᠠᠲᠤᠨ ᠭᠤᠣᠯ ᠤᠨ ᠦᠵᠡᠮᠵᠢ ᠶᠢᠨ ᠰᠣᠶᠣᠯ ᠵᠢᠭᠤᠯᠴᠢᠯᠠᠯ ᠤᠨ ᠪᠦᠰᠡ ᠶᠢ ᠪᠤᠶ ᠪᠣᠯᠭᠠᠬᠤ ᠶᠢ ᠬᠦᠰᠡᠵᠦ ᠪᠠᠶᠢᠨ᠎ᠠ︾ ᠭᠡᠵᠡᠢ᠃ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠵᠣᠣ ᠶᠦᠩ ᠭᠤᠸᠠᠩ ᠲᠠᠨᠢᠯᠴᠠᠭᠤᠯᠵᠠᠢ᠃
    ᠲᠤᠰ ᠤᠳᠠᠭᠠᠨ ᠤ ᠠᠵᠢᠯᠯᠠᠭ᠎ᠠ ᠶᠢᠨ ᠴᠢᠬᠤᠯᠠ ᠵᠦᠢᠯ ᠪᠣᠯᠤᠭᠰᠠᠨ ᠤ ᠬᠤᠪᠢ ᠳᠤ᠂ ᠬᠠᠲᠤᠨ ᠭᠤᠣᠯ ᠤᠨ ᠢ ᠯᠢᠦ ᠸᠠᠨ ᠤ ︽ᠲᠤᠭᠳᠠᠬᠤ ᠰᠢᠶᠠᠨ ᠤ ᠴᠢᠨᠠᠭᠰᠠᠨ ᠵᠢᠭᠠᠰᠤ︾ ᠭᠠᠯ ᠲᠣᠭᠤᠭᠠᠨ ᠤ ᠮᠡᠷᠭᠡᠵᠢᠯ ᠤᠨ ᠤᠷᠤᠯᠳᠤᠭᠠᠨ ᠨᠢ ᠮᠠᠰᠢ ᠣᠯᠠᠨ ᠵᠣᠴᠢᠳ ᠤᠨ ᠠᠩᠬᠠᠷᠤᠯ ᠢ ᠲᠠᠲᠠᠵᠠᠢ᠃ ᠬᠠᠲᠤᠨ ᠭᠤᠣᠯ ᠤᠨ ᠢ ᠯᠢᠦ ᠸᠠᠨ ᠤ ᠲᠠᠷᠢᠶᠠᠴᠢᠨ ᠠᠶᠢᠯ ᠤᠨ ᠵᠤᠭᠠᠴᠠᠯ ᠠᠴᠠ ᠢᠷᠡᠭᠰᠡᠨ ᠲᠣᠭᠤᠭᠠᠴᠢ ᠨᠠᠷ ᠵᠢᠭᠰᠠᠭᠠᠯ ᠢᠶᠠᠨ ᠡᠬᠢᠯᠡᠭᠦᠯᠵᠦ᠂ ᠡᠷᠳᠡᠮ ᠴᠢᠳᠠᠪᠤᠷᠢ ᠪᠠᠨ ᠭᠠᠶᠢᠬᠠᠭᠤᠯᠵᠤ᠂ ᠥᠪᠡᠷ ᠤᠨ ᠵᠢᠩᠬᠢᠨᠢ ᠡᠷᠳᠡᠮ ᠢᠶᠠᠨ ᠭᠠᠷᠭᠠᠵᠤ᠂ ᠲᠠᠩᠰᠤᠭ ᠰᠠᠶᠢᠬᠠᠨ ᠮᠥᠷᠭᠦ ᠵᠢᠭᠠᠰᠤ ᠶᠢ ᠨᠠᠷᠢᠨ ᠨᠢᠮᠪᠠᠢ ᠴᠢᠨᠠᠵᠠᠢ᠃ ᠲᠡᠦᠬᠡᠨ ᠮᠠᠲ᠋ᠧᠷᠢᠶᠠᠯ ᠳᠤ ᠲᠡᠮᠳᠡᠭᠯᠡᠭᠰᠡᠨ ᠢ ᠦᠨᠳᠦᠰᠦᠯᠡᠪᠡᠯ᠂ ︽ᠡᠪᠦᠯ ᠤᠨ ᠡᠬᠢ ᠪᠠᠷ ᠵᠢᠭᠠᠰᠤ ᠮᠥᠰᠥᠨ ᠳᠣᠲᠣᠷ᠎ᠠ ᠢᠳᠡᠬᠦ ᠠᠴᠠ ᠪᠢᠰᠢ ᠬᠥᠳᠡᠯᠬᠦ ᠦᠭᠡᠢ᠂ ᠢᠷᠡᠬᠦ ᠬᠠᠪᠤᠷ ᠤᠨ ᠮᠥᠰᠥ ᠶᠢ ᠲᠡᠪᠡᠷᠢᠨ ᠠᠪᠴᠤ᠂ ᠲᠤᠶᠢᠯ ᠤᠨ ᠲᠠᠩᠰᠤᠭ ᠰᠠᠶᠢᠬᠠᠨ ᠪᠠᠶᠢᠳᠠᠭ︾᠃ ᠴᠢᠩ ᠤᠯᠤᠰ ᠤᠨ ᠡᠩᠬᠡ ᠠᠮᠤᠭᠤᠯᠠᠩ᠂ ᠨᠠᠶᠢᠷᠠᠯᠲᠤ ᠲᠥᠪ᠂ ᠲᠡᠭᠷᠢ ᠲᠡᠳᠬᠦᠭᠴᠢ ᠶᠢᠨ ᠦᠶ᠎ᠡ ᠳᠤ ᠬᠠᠲᠤᠨ ᠭᠤᠣᠯ ᠤᠨ ᠬᠥᠪᠡᠭᠡᠨ ᠳᠤ ᠵᠢᠯ ᠪᠦᠷᠢ ᠶᠢᠨ ᠬᠠᠪᠤᠷ ᠱᠦᠭᠦᠵᠦ ᠭᠠᠷᠭᠠᠭᠰᠠᠨ ︽ᠵᠢᠭᠠᠰᠤ︾ ᠪᠠᠨ ᠬᠠᠭᠠᠨ ᠳᠤ ᠡᠷᠭᠦᠳᠡᠭ ᠪᠠᠶᠢᠵᠠᠢ᠃ ︽ᠵᠢᠭᠠᠰᠤ︾ ᠨᠢ ᠬᠠᠲᠤᠨ ᠭᠤᠣᠯ ᠤᠨ ᠮᠥᠷᠭᠦ ᠵᠢᠭᠠᠰᠤ ᠪᠠᠷ ᠨᠠᠩ ᠰᠠᠶᠢᠨ᠂ ᠦᠨᠦᠷ ᠠᠮᠲᠠ ᠨᠢ ᠰᠢᠨ᠎ᠡ ᠰᠣᠷᠭᠤᠭ ᠪᠠᠶᠢᠳᠠᠭ᠂ ᠰᠣᠨᠤᠰᠬᠤᠯᠠᠷ ᠵᠢᠭᠠᠰᠤ ᠨᠢ ᠡᠪᠡᠳᠴᠢᠨ ᠢ ᠵᠠᠰᠠᠬᠤ ᠶᠡᠭᠡ ᠦᠢᠯᠡᠳᠦᠯ ᠲᠠᠢ ᠪᠣᠯᠬᠤᠷ ᠠᠷᠠᠳ ᠤᠨ ᠳᠤᠮᠳᠠ ︽ᠠᠮᠢᠳᠤ ᠣᠷᠬᠤᠳᠠᠢ︾ ᠭᠡᠵᠦ ᠠᠯᠳᠠᠷᠰᠢᠪᠠ᠃ ᠵᠢᠭᠠᠰᠤ ᠴᠢᠨᠠᠬᠤ ᠤᠷᠤᠯᠳᠤᠭᠠᠨ ᠳᠤ ᠣᠷᠣᠯᠴᠠᠭᠰᠠᠨ ᠲᠣᠭᠤᠭᠠᠴᠢ ᠨᠠᠷ ᠬᠠᠷᠠᠬᠠᠨ ᠪᠠᠭ᠎ᠠ ᠠᠴᠠ ᠪᠠᠨ ᠬᠠᠲᠤᠨ ᠭᠤᠣᠯ ᠤᠨ ᠬᠥᠪᠡᠭᠡᠨ ᠳᠤ ᠠᠮᠢᠳᠤᠷᠠᠵᠤ᠂ ᠬᠤᠪᠢ ᠬᠤᠪᠢᠨ ᠤ ᠣᠯᠣᠯᠲᠠ ᠲᠥᠷᠥᠭᠳᠡᠯ ᠲᠠᠢ ᠪᠠᠶᠢᠵᠤ᠂ ᠠᠩᠨᠠᠭᠳᠠᠵᠤ ᠡᠷᠭᠢ ᠳᠤ ᠭᠠᠷᠤᠭᠰᠠᠨ ᠬᠠᠲᠤᠨ ᠭᠤᠣᠯ ᠤᠨ ᠲᠠᠷᠭᠤᠨ ᠮᠥᠷᠭᠦ ᠵᠢᠭᠠᠰᠤ ᠶᠢ ᠤᠬᠢᠶᠠᠵᠤ ᠴᠡᠪᠡᠷᠯᠡᠬᠦ᠂ ᠬᠠᠶᠢᠷᠰᠤ ᠬᠤᠰᠤᠬᠤ ᠵᠡᠷᠭᠡ ᠠᠯᠬᠤᠮ ᠳᠠᠷᠠᠭ᠎ᠠ ᠪᠠᠷ ᠳᠡᠮᠵᠢᠨ᠂ ᠲᠤᠬᠠᠢ ᠶᠢᠨ ᠭᠠᠵᠠᠷ ᠲᠤ ᠣᠨᠴᠠ ᠪᠠᠶᠢᠳᠠᠭ ᠯᠠᠵᠤᠤ᠂ ᠵᠣᠷᠭᠤᠳᠠᠰᠤ ᠲᠠᠢ ᠬᠠᠮᠲᠤ ᠬᠠᠭᠠᠰ ᠴᠠᠭ ᠢᠯᠡᠭᠦᠦ ᠤᠳᠠᠭᠠᠨ ᠭᠠᠯ ᠢᠶᠠᠷ ᠪᠤᠴᠠᠯᠭᠠᠭᠰᠠᠨ ᠠᠴᠠ ᠨᠢᠭᠡ ᠫᠢᠯᠠ ᠰᠢᠨ᠎ᠡ ᠰᠣᠷᠭᠤᠭ ᠵᠢᠭᠠᠰᠤ ᠠᠮᠳᠠᠳᠦ ᠢᠳᠡᠭᠡᠨ ᠪᠤᠯᠳᠠᠭ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1