ᠬᠥᠳᠡᠭᠡ ᠳᠤ ᠡᠶᠢᠮᠦ ᠭᠡᠷ ᠪᠠᠷᠢᠪᠠᠯ ᠶᠠᠮᠠᠷ ᠦᠦ︖
ᠨᠡᠶᠢᠲᠡᠯᠡᠭᠰᠡᠨ ᠴᠠᠭ᠄
2023/3/12
     ᠣᠶᠢᠷ᠎ᠠ ᠳᠤ᠂  ᠾᠧᠪᠸᠢ ᠮᠤᠵᠢ ᠶᠢᠨ ᠴᠢᠭᠤᠯᠤᠯᠳᠤ ᠬᠠᠭᠠᠯᠭ᠎ᠠ ᠶᠢᠨ ᠰᠢᠶᠠ ᠬᠤᠸᠠ ᠶᠤᠸᠠᠨ ᠲᠣᠭᠤᠷᠢᠭ ᠤᠨ ᠡᠦ ᠵᠢᠶᠠ‌ᠵᠤᠸᠠᠩ ᠲᠣᠰᠬᠤᠨ ᠤ ᠨᠢᠭᠡᠨ ᠲᠠᠷᠢᠶᠠᠴᠢᠨ ᠤ ᠣᠷᠣᠨ ᠰᠠᠭᠤᠴᠠ ᠨᠢ ᠬᠡᠪᠯᠡᠯ ᠮᠡᠳᠡᠭᠡᠯᠡᠯ ᠤᠨ ᠬᠢᠨ ᠤ ᠠᠩᠬᠠᠷᠤᠯ ᠢ ᠶᠡᠬᠡᠳᠡ ᠲᠠᠲᠠᠵᠤ᠂ ᠰᠦᠯᠵᠢᠶᠡᠨ ᠳᠡᠭᠡᠷ᠎ᠡ ᠨᠡᠷ᠎ᠡ ᠭᠠᠷᠴᠠᠢ᠃ ᠡᠨᠡ ᠪᠠᠶᠢᠰᠢᠩ ᠦ᠋ ᠵᠢᠶᠠ ᠵᠤᠸᠠᠩ ᠲᠣᠰᠬᠤᠨ ᠤ ᠵᠠᠮ ᠤᠨ ᠬᠠᠵᠠᠭᠤ ᠳᠤ ᠪᠠᠶᠢᠷᠢᠯᠠᠵᠤ᠂ ᠭᠤᠯᠳᠤᠩ ᠬᠡᠯᠪᠡᠷᠢᠲᠡᠢ ᠭᠡᠷ ᠤᠨ ᠤᠷᠤᠢ ᠲᠠᠢ᠂ ᠬᠥᠬᠡ  ᠰᠠᠭᠠᠷᠠᠯ ᠬᠡᠷᠡᠮ ᠲᠠᠢ᠃ ᠭᠡᠷ ᠤᠨ ᠡᠵᠡᠨ ᠵᠣᠣ ᠰᠢᠦ ᠵᠢᠤᠸᠠᠨ ᠤ ᠲᠠᠨᠢᠯᠴᠠᠭᠤᠯᠤᠭᠰᠠᠨ ᠢᠶᠠᠷ᠂ ᠲᠣᠰ ᠪᠠᠶᠢᠰᠢᠩ ᠢ 2021 ᠣᠨ ᠳᠤ ᠪᠠᠷᠢᠵᠠᠢ᠃ ᠲᠤᠬᠠᠶ ᠶᠢᠨ ᠦᠶ᠎ᠡ ᠳᠤ ᠴᠢᠩᠬᠤᠸᠠ‌‍ᠶᠡᠭᠡ ᠰᠤᠷᠭᠠᠭᠤᠯᠢ ᠶᠢᠨ ᠪᠠᠷᠢᠯᠭ᠎ᠠ ᠶᠢᠨ ᠰᠠᠯᠪᠤᠷᠢ ᠶᠢᠨ ᠰᠢᠤᠢ ᠸᠧᠶ ᠭᠦᠸᠧ ᠫᠷᠤᠹᠧᠰᠰᠤᠷ ᠤᠨ ᠳᠠᠭᠠᠭᠤᠯᠤᠭᠰᠠᠨ ᠪᠦᠯᠬᠦᠮ ᠤᠨ ᠬᠢᠨ ᠦ᠋ ᠵᠢᠶᠠ ᠵᠤᠸᠠᠩ ᠲᠣᠰᠬᠤᠨ ᠳᠤ ︽ᠮᠠᠰᠢᠨ ᠬᠥᠮᠦᠨ 3D ᠮᠡᠷᠭᠡᠵᠢᠯ ᠢᠶᠠᠷ ᠪᠧᠲ᠋ᠣᠨ ᠢ ᠳᠠᠷᠤᠮᠯᠠᠬᠤ︾ ᠮᠡᠷᠭᠡᠵᠢᠯ ᠢᠶᠠᠷ ᠨᠢᠭᠡ ᠣᠷᠣᠨ ᠰᠠᠭᠤᠴᠠ ᠪᠠᠷᠢᠬᠤ ᠰᠠᠨᠠᠭ᠎ᠠ ᠲᠠᠢ ᠪᠠᠶᠢᠵᠠᠶ᠃ ᠠᠵᠢᠭᠯᠠᠵᠤ ᠰᠣᠩᠭᠤᠬᠤ ᠪᠠᠷ ᠳᠠᠮᠵᠢᠨ ᠮᠠᠨ ᠤ ᠭᠡᠷ ᠨᠡᠯᠢᠶᠡᠳ ᠲᠣᠬᠢᠷᠠᠮᠵᠢᠲᠠᠶ᠂ ᠲᠡᠷᠭᠡ ᠤᠨᠤᠭ᠎ᠠ ᠣᠷᠣᠵᠤ ᠭᠠᠷᠬᠤ ᠳᠤ ᠳᠥᠭᠦᠮ ᠭᠡᠨ᠎ᠡ᠂ ᠪᠢ ᠪᠠᠰᠠ ᠬᠠᠭᠤᠴᠢᠨ ᠭᠡᠷ ᠢᠶᠠᠨ ᠰᠢᠨᠡᠳᠬᠡᠶ᠎ᠡ ᠭᠡᠵᠦ ᠪᠤᠳᠤᠵᠤ ᠪᠠᠶᠢᠭᠰᠠᠨ ᠶᠣᠮ᠃ ᠢᠩᠭᠢᠭᠡᠳ᠂ ᠪᠢᠳᠡ ᠪᠣᠳᠣᠯ ᠨᠢᠭᠡᠳᠴᠦ᠂ ᠬᠡᠯᠡᠯᠴᠡᠭᠡᠷ ᠲᠣᠭᠲᠠᠭᠰᠠᠨ ᠤ ᠳᠠᠷᠠᠭ᠎ᠠ ᠪᠠᠷᠢᠯᠭ᠎ᠠ ᠪᠠᠨ ᠡᠬᠢᠯᠡᠭᠰᠡᠨ ᠶᠤᠮ ᠭᠡᠯ᠎ᠡ᠃ ᠡᠨᠡ ᠬᠦ 3D ᠮᠡᠷᠭᠡᠵᠢᠯ ᠢ ᠠᠰᠢᠭᠯᠠᠨ ᠪᠠᠶᠢᠭᠤᠯᠤᠭᠰᠠᠨ ᠪᠠᠷᠢᠯᠭ᠎ᠠ ᠶᠢᠨ ᠲᠠᠯᠠᠪᠠᠶ ᠨᠢ 106 ᠲᠡᠭᠰᠢ ᠳᠥᠷᠪᠡᠯᠵᠢᠨ ᠮᠧᠲᠷ ᠪᠠᠶᠢᠵᠤ᠂ ᠲᠤᠬᠠᠶ ᠶᠢᠨ ᠭᠠᠵᠠᠷ ᠤᠨ ᠤᠯᠠᠮᠵᠢᠯᠠᠯᠲᠤ ᠨᠦᠬᠡᠨ ᠬᠡᠷ ᠤᠨ ᠬᠡᠯᠪᠡᠷᠢ ᠶᠢ ᠳᠠᠭᠤᠷᠢᠶᠠᠵᠤ ᠪᠠᠷᠢᠭᠰᠠᠨ ︽ᠭᠤᠷᠪᠠᠨ ᠲᠣᠮᠣ᠂ ᠬᠤᠶᠠᠷ ᠵᠢᠵᠢᠭ᠂ ᠲᠠᠪᠤᠨ ᠵᠠᠳᠠᠭᠠᠶ ᠥᠷᠥᠭᠡ︾ ᠲᠠᠢ ᠣᠷᠣᠨ ᠰᠠᠭᠤᠴᠠ ᠪᠣᠯᠵᠠᠢ᠂ ᠭᠤᠷᠪᠠᠨ ᠲᠣᠮᠣ ᠥᠷᠥᠭᠡ ᠨᠢ ᠲᠣᠰ ᠲᠣᠰ ᠨᠢᠭᠡ ᠵᠣᠴᠢᠨ ᠤ ᠥᠷᠥᠭᠡ ᠪᠠ ᠬᠤᠶᠠᠷ ᠤᠨᠲᠠᠯᠭ᠎ᠠ ᠶᠢᠨ ᠥᠷᠥᠭᠡ᠂ ᠬᠤᠶᠠᠷ ᠵᠢᠵᠢᠭ ᠥᠷᠥᠭᠡ ᠨᠢ ᠲᠣᠰ ᠲᠣᠰ ᠲᠣᠭᠤᠭᠠᠨ ᠬᠡᠷ ᠪᠠ ᠠᠷᠢᠭᠤᠨ ᠴᠡᠪᠡᠷ ᠤᠨ ᠥᠷᠥᠭᠡ ᠪᠣᠯᠤᠨ᠎ᠠ᠃  ᠵᠣᠤ ᠰᠢᠦ ᠵᠢᠤᠸᠠᠨ ᠬᠡᠯᠡᠬᠦ ᠳᠡᠭᠡᠨ᠂  ᠪᠢ ᠨᠢᠳᠤᠨᠤᠨ ᠤ ᠭᠤᠷᠪᠠᠳᠤᠭᠠᠷ ᠰᠠᠷ᠎ᠠ ᠳᠤ ᠣᠷᠣᠵᠤ ᠰᠠᠭᠤᠭᠰᠠᠨ᠂ ᠮᠠᠨ ᠤ ᠬᠠᠭᠤᠴᠢᠨ ᠭᠡᠷ ᠠᠴᠠ ᠥᠨᠳᠥᠷ ᠮᠥᠷᠲᠡᠭᠡᠨ ᠠᠭᠤᠵᠢᠮ᠂ ᠰᠠᠭᠤᠬᠤ ᠳᠤ ᠲᠠᠭᠠᠲᠠᠶ ᠮᠥᠷᠲᠡᠭᠡᠨ ᠭᠡᠷᠡᠯ ᠭᠡᠭᠡ ᠲᠠᠢ᠂  ᠡᠪᠦᠯ ᠳᠤᠯᠠᠭᠠᠨ ᠵᠤᠨ ᠰᠡᠷᠢᠭᠦᠨ ᠭᠡᠯ᠎ᠡ᠃    
                               ᠬᠦᠮᠦᠰ ᠰᠠᠭᠤᠬᠤ ᠳᠤ ᠲᠠᠭᠠᠯᠠᠮᠵᠢᠲᠠᠢ ᠡᠰᠡᠬᠦ ᠶᠢ ᠠᠩᠬᠠᠷᠴᠤ ᠪᠠᠶᠢᠬᠤ ᠠᠴᠠ ᠭᠠᠳᠠᠨ᠎ᠠ᠂ ᠡᠶᠢᠮᠦᠷᠬᠦᠦ  3D ᠮᠡᠷᠭᠡᠵᠢᠯ ᠢᠶᠠᠷ ᠳᠠᠷᠤᠮᠯᠠᠭᠰᠠᠨ ᠭᠡᠷ ᠢ ᠪᠠᠷᠢᠬᠤ ᠳᠤ ᠬᠡᠳᠦᠢ ᠬᠤᠭᠤᠴᠠᠭ᠎ᠠ ᠬᠡᠷᠡᠭᠰᠡᠬᠦ ᠪᠤᠢ᠂ ᠦᠨ᠎ᠡ ᠬᠠᠩᠰᠢ ᠨᠢ ᠶᠠᠮᠠᠷ ᠪᠣᠢ ᠭᠡᠳᠡᠭ ᠢ ᠠᠩᠬᠠᠷᠴᠤ ᠪᠠᠶᠢᠨ᠎ᠠ᠃ ᠴᠢᠩᠬᠤᠸᠠ ᠶᠡᠭᠡ ᠰᠤᠷᠭᠠᠭᠤᠯᠢ ᠶᠢᠨ ᠪᠠᠷᠢᠯᠭ᠎ᠠ ᠶᠢᠨ ᠤᠬᠠᠭᠠᠨ ᠤ  ᠫᠷᠤᠹᠧᠰᠰᠤᠷ ᠰᠢᠤᠢ ᠸᠧᠶ ᠭᠦᠸᠧ ᠬᠡᠯᠡᠬᠦ ᠳᠡᠭᠡᠨ᠂ ᠳᠠᠷᠤᠮᠠᠯᠯᠠᠬᠤ ᠴᠠᠭ ᠨᠢ ᠪᠠᠷᠤᠭ 160 ᠴᠠᠭ ᠣᠷᠴᠢᠮ ᠪᠠᠶᠢᠳᠠᠭ ᠂ ᠡᠭᠦᠨ ᠠᠴᠠ ᠭᠠᠳᠠᠨ᠎ᠠ ᠦᠢᠯᠡᠳᠬᠦ ᠦᠨ᠎ᠡ ᠨᠢ ᠣᠨᠣᠪᠴᠢᠲᠠᠶ ᠪᠠᠷ ᠬᠡᠯᠡᠪᠡᠯ᠂ ᠨᠢᠭᠡ ᠬᠠᠪᠲᠠᠭᠠᠶ ᠳᠥᠷᠪᠡᠯᠵᠢᠨ ᠮᠧᠲᠷ ᠲᠡᠭᠡᠨ 2000 ︱ 2500  ᠲᠥᠭᠦᠷᠢᠭ ᠪᠣᠯᠤᠨ᠎ᠠ᠂ ᠡᠨᠡ ᠬᠡᠷ ᠨᠢ 106 ᠬᠠᠪᠲᠠᠭᠠᠶ ᠳᠥᠷᠪᠡᠯᠵᠢᠨ ᠮᠧᠲᠷ᠂ ᠪᠤᠳᠤᠵᠤ ᠭᠠᠷᠭᠠᠭᠰᠠᠨ ᠤ ᠳᠠᠷᠠᠭ᠎ᠠ  ᠪᠠᠷᠤᠭ  20  ᠭᠠᠷᠤᠶ ᠲᠦᠮᠡᠨ ᠲᠥᠭᠦᠷᠢᠭ ᠪᠣᠯᠤᠨ᠎ᠠ᠃ ᠪᠢᠳᠡ᠂ 3  ᠠᠴᠠ 5 ᠵᠢᠯ ᠤᠨ ᠳᠣᠲᠣᠷ᠎ᠠ ᠡᠨᠡ ᠬᠦ ᠮᠡᠷᠭᠡᠵᠢᠯ ᠢ ᠡᠩ ᠤᠨ ᠣᠷᠣᠨ ᠰᠠᠭᠤᠴᠠ ᠶᠢᠨ ᠪᠠᠶᠢᠭᠤᠯᠤᠯᠲᠠ ᠳᠤ ᠳᠡᠯᠭᠡᠷᠡᠭᠦᠯᠬᠦ ᠶᠢ ᠬᠦᠰᠡᠵᠦ ᠪᠠᠶᠢᠨ᠎ᠠ᠂ ᠭᠡᠬᠦ ᠳᠤ ᠡᠨᠡᠬᠦ ᠮᠡᠷᠭᠡᠵᠢᠯ ᠨᠢ ᠪᠠᠰᠠ ᠡᠯ᠎ᠡ ᠵᠦᠢᠯ ᠤᠨ ᠡᠯᠧᠮᠧᠨ᠋ᠲ ᠲᠤ ᠨᠥᠯᠥᠭᠡᠯᠡᠭᠳᠡᠬᠦ ᠶᠤᠮ᠂ ᠪᠠᠰᠠ ᠡᠯ᠎ᠡ ᠲᠠᠯ᠎ᠠ ᠶᠢᠨ ᠬᠢᠨ ᠤ ᠡᠨᠡ ᠬᠦ ᠮᠡᠷᠭᠡᠵᠢᠯ ᠤᠨ ᠲᠤᠰ ᠪᠡᠶ᠎ᠡ ᠶᠢ ᠬᠦᠯᠢᠶᠡᠨ ᠠᠪᠬᠤ ᠬᠡᠮᠵᠢᠶ᠎ᠡ ᠶᠢ ᠦᠵᠡᠬᠦ ᠬᠡᠷᠡᠭᠲᠡᠶ᠂ ᠪᠢᠳᠡ ᠠᠯᠢ ᠲᠦᠷᠭᠡᠨ ᠢᠶᠠᠷ ᠡᠩ ᠤᠨ ᠣᠷᠣᠨ ᠰᠠᠭᠤᠴᠠ ᠶᠢᠨ ᠪᠠᠶᠢᠭᠤᠯᠤᠯᠲᠠ ᠳᠤ ᠲᠦᠭᠡᠮᠡᠯᠵᠢᠭᠦᠯᠬᠦ ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1