ᠲᠣᠭᠲᠠᠬᠤ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠭᠤᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/13
      3 ᠳ᠋ᠤᠣᠭᠠᠷ ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠲᠣᠭᠲᠠᠬᠤ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠭᠤᠷᠪᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠦ᠋ ᠹᠦ᠋ ᠵᠦᠩ᠂ ᠸᠠᠩ ᠵᠢᠶᠠ ᠨᠢᠩ ᠬᠤᠷᠠᠯ ᠳᠤ ᠣᠷᠣᠯᠴᠠᠪᠠ᠃      ᠬᠤᠷᠠᠯ ᠠᠴᠠ ︽ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠭᠤᠷᠪᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠲᠥᠰᠥᠯ︾᠂ ︽ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠭᠤᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠯᠲᠠ ᠵᠢᠴᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠤᠬᠠᠢ ᠲᠣᠭᠲᠠᠭᠠᠯ︾ ᠢ ᠤᠯᠠᠮᠵᠢᠯᠠᠪᠠ᠃      ᠬᠤᠷᠠᠯ ᠠᠴᠠ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠤᠨ ᠲᠣᠭᠤᠷᠢᠨ ᠪᠠᠶᠢᠴᠠᠭᠠᠬᠤ ᠠᠵᠢᠯ ᠤᠨ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠬᠦ ᠬᠡᠷᠡᠭᠲᠡᠢ᠃ ︽ᠬᠤᠶᠠᠷ ᠢ ᠲᠤᠭᠳᠠᠭᠠᠭᠰᠠᠨ︾ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠦᠷᠢᠶᠡᠯᠡᠬᠦ︾ ᠶᠢ ᠡᠷᠡᠰ ᠪᠡᠶᠡᠯᠡᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ᠂ ᠴᠢᠬᠤᠯᠠ ᠶᠡᠭᠡ ᠤᠯᠤᠰ ᠲᠦᠷᠦ ᠶᠢᠨ ᠵᠠᠷᠴᠢᠮ ᠪᠣᠯᠣᠨ ᠵᠥᠪ ᠪᠤᠷᠤᠭᠤ ᠶᠢᠨ ᠠᠰᠠᠭᠤᠳᠠᠯ ᠳᠡᠭᠡᠷ᠎ᠡ ᠵᠣᠷᠢᠭᠲᠠᠢ ᠪᠠᠷ ᠲᠡᠮᠡᠴᠡᠵᠦ᠂ ᠵᠣᠷᠢᠭᠲᠠᠢ ᠪᠠᠷ ᠬᠤᠷᠴᠠ ᠰᠡᠯᠡᠮ᠎ᠡ ᠪᠠᠨ ᠦᠵᠡᠭᠦᠯᠬᠦ ᠬᠡᠷᠡᠭᠲᠡᠢ᠃ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠶᠢ ᠭᠦᠨᠵᠡᠭᠡᠢ ᠡᠵᠡᠮᠳᠡᠵᠦ᠂ ᠴᠢᠳᠠᠮᠠᠭᠠᠢ ᠪᠠᠷ ᠲᠡᠮᠡᠴᠡᠬᠦ ᠶᠢ ᠡᠷᠡᠰ ᠪᠡᠶᠡᠯᠡᠭᠦᠯᠵᠦ᠂ ᠡᠷᠬᠡ ᠪᠠ ᠬᠠᠷᠢᠭᠤᠴᠠᠯᠭ᠎ᠠ ᠶᠢ ᠰᠠᠶᠢᠲᠤᠷ ᠠᠩᠬᠠᠷᠴᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠠᠮᠢᠭ᠎ᠠ ᠬᠦᠷᠲᠡᠯ᠎ᠡ ᠪᠠᠶᠢᠷᠢᠯᠠᠭᠤᠯᠪᠠᠯ ᠬᠢᠨᠠᠯᠲᠠ ᠲᠠᠯᠪᠢᠵᠤ ᠪᠠᠶᠢᠴᠠᠭᠠᠬᠤ ᠶᠢ ᠲᠡᠨᠳᠡ ᠬᠦᠷᠲᠡᠯ᠎ᠡ ᠮᠥᠷᠳᠡᠨ ᠳᠠᠭᠠᠬᠤ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ ᠭᠤᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠤᠯᠤᠰ ᠲᠦᠷᠦ ᠶᠢᠨ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠭᠤᠣᠯᠳᠠᠯᠭ᠎ᠠ ᠶᠢ ᠳᠤᠪᠤᠶᠢᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠨᠠᠮ ᠤᠨ ᠤᠨᠤᠯ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠵᠢᠴᠢ ᠠᠷᠠᠳ ᠲᠤ ᠠᠰᠢᠭ ᠬᠦᠷᠲᠡᠭᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠦᠴᠦᠯᠡᠨ ᠴᠢᠩᠭᠠᠳᠬᠠᠬᠤ ᠬᠡᠷᠡᠭᠲᠡᠢ᠃ ᠤᠯᠡᠠ ᠲᠦᠮᠡᠨᠴᠢ ᠱᠤᠭᠤᠮ ᠢᠶᠠᠷ ᠶᠠᠪᠤᠬᠤ ᠶᠢ ᠪᠠᠷᠢᠮᠲᠠᠯᠠᠨ᠂ ᠤᠯᠡᠠ ᠲᠦᠮᠡᠨ ᠤ ᠳᠤᠮᠳᠠ ᠰᠠᠨᠠᠭᠠᠴᠢᠯᠠᠭ᠎ᠠ ᠠᠴᠠ ᠪᠠᠨ ᠭᠦᠨᠵᠡᠭᠡᠶᠢᠷᠡᠵᠦ᠂ ᠤᠯᠡᠠ ᠲᠦᠮᠡᠨ ᠢ ᠲᠡᠶᠢᠴᠢᠯᠡᠠ ᠲᠣᠭᠤᠷᠢᠨ ᠪᠠᠶᠢᠴᠠᠭᠠᠬᠤ ᠠᠵᠢᠯ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠬᠤ ᠪᠠ ᠰᠠᠬᠢᠯᠭ᠎ᠠ ᠪᠠᠲᠤ ᠶᠢᠨ ᠬᠤᠯᠪᠤᠭᠠᠯᠠᠨ ᠬᠥᠳᠡᠯᠦᠯᠴᠡᠬᠦ ᠶᠢ ᠠᠬᠢᠭᠤᠯᠵᠤ᠂ ᠲᠣᠭᠤᠷᠢᠨ ᠪᠠᠶᠢᠴᠠᠭᠠᠬᠤ ᠪᠠᠷ ᠢᠯᠡᠷᠡᠭᠦᠯᠦᠭᠰᠡᠨ ᠠᠰᠠᠭᠤᠳᠠᠯ ᠤᠨ ᠰᠦᠪᠡᠭᠴᠢ ᠶᠢ ᠴᠠᠭ ᠲᠤᠬᠠᠢ ᠳᠤᠨᠢ ᠰᠤᠳᠤᠯᠤᠨ ᠰᠢᠢᠳᠬᠡᠵᠦ᠂ ᠲᠣᠭᠤᠷᠢᠨ ᠪᠠᠶᠢᠴᠠᠭᠠᠬᠤ ᠪᠠᠷ ᠰᠦᠷᠳᠡᠭᠦᠯᠬᠦ ᠦᠷ᠎ᠡ ᠪᠦᠲᠦᠮᠵᠢ ᠶᠢ ᠨᠡᠮᠡᠭᠳᠡᠭᠦᠯᠦᠨ᠎ᠡ ᠭᠡᠵᠦ ᠴᠢᠬᠤᠯᠠᠴᠢᠯᠠᠪᠠ᠃      ᠬᠤᠷᠠᠯ ᠠᠴᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠳᠤᠭᠤᠶᠢᠯᠠᠩ ᠤᠨ ᠳᠠᠷᠤᠭ᠎ᠠ ᠬᠠᠷᠢᠭᠤᠴᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠤᠭᠤᠶᠢᠯᠠᠩ ᠤᠨ ᠳᠠᠷᠤᠭ᠎ᠠ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠪᠦᠬᠦ ᠶᠠᠪᠤᠴᠠ ᠳᠤ ᠪᠣᠭᠤᠮᠲᠠ ᠶᠢ ᠠᠳᠬᠤᠨ ᠴᠢᠭᠯᠡᠯ ᠢ ᠲᠣᠭᠲᠠᠭᠠᠬᠤ ᠬᠡᠷᠡᠭᠲᠡᠢ᠃ ᠠᠰᠠᠭᠤᠳᠠᠯ ᠤᠨ ᠲᠤᠬᠠᠢ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠵᠠᠩᠭᠢᠯᠠᠭ᠎ᠠ ᠶᠢᠨ ᠠᠵᠢᠯ ᠤᠨ ᠪᠠᠶᠢᠷᠢ ᠪᠠ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠢᠯᠠᠩᠭᠤᠶ᠎ᠠ ︽ᠨᠢᠭᠡᠳᠦᠭᠡᠷ ᠭᠠᠷ ︾ ᠲᠤ ᠲᠠᠯᠪᠢᠬᠤ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠠᠰᠠᠭᠤᠳᠠᠯ ᠢ ᠵᠣᠷᠢᠭᠲᠠᠢ ᠪᠠᠷ ᠢᠯᠡᠷᠡᠭᠦᠯᠬᠦ ᠬᠡᠷᠡᠭᠲᠡᠢ᠃ ᠰᠠᠬᠢᠯᠭ᠎ᠠ ᠪᠠᠲᠤ ᠶᠣᠰᠣ ᠳᠦᠷᠢᠮ ᠢ ᠦᠨᠡᠨᠬᠦ ᠴᠢᠩᠳᠠᠯᠠᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ  ᠬᠢᠨ ᠳᠣᠲᠣᠭᠠᠳᠤ ᠡᠵᠡᠮᠳᠡᠯ ᠤᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠡᠶ᠎ᠡ ᠪᠠᠨ ᠱᠠᠭᠠᠷᠳᠠᠬᠤ ᠪᠠ ᠪᠤᠰᠤᠳ ᠢᠶᠠᠷ ᠱᠠᠭᠠᠷᠳᠠᠬᠤ ᠶᠢ ᠤᠶᠠᠯᠳᠤᠭᠤᠯᠵᠤ᠂ ᠪᠦᠬᠦ ᠲᠠᠯ᠎ᠠ ᠪᠦᠬᠦ ᠶᠠᠪᠤᠴᠠ ᠳᠤ ᠬᠢᠨᠠᠯᠲᠠ ᠲᠠᠯᠪᠢᠬᠤ ᠶᠢ ᠬᠡᠷᠡᠭᠵᠢᠭᠦᠯᠬᠦ ᠬᠡᠷᠡᠭᠲᠡᠢ᠃ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠶᠢ ᠴᠢᠩᠳᠠᠯᠠᠵᠤ᠂ ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠭᠦᠨ ᠨᠠᠷ ᠨᠢᠭᠤᠴᠠ ᠶᠢ ᠬᠠᠮᠠᠭᠠᠯᠠᠬᠤ ᠤᠬᠠᠮᠰᠠᠷᠲᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢᠶᠠᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠭᠤᠷᠪᠠᠳᠤᠭᠠᠷ ᠡᠭᠡᠯᠵᠢ   ᠶᠢᠨ ᠲᠣᠭᠤᠷᠢᠨ ᠪᠠᠶᠢᠴᠠᠭᠠᠯᠲᠠ ᠨᠢ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠂ ᠲᠠᠪᠢᠨ ᠭᠡᠷ ᠪᠠᠯᠭᠠᠰᠤᠨ ᠤ ᠨᠠᠮ ᠤᠨ ᠬᠤᠷᠢᠶ᠎ᠠ ᠪᠣᠯᠣᠨ ᠬᠠᠷᠢᠶ᠎ᠠ 15 ᠵᠠᠰᠠᠭ ᠵᠠᠬᠢᠷᠭᠠᠨ ᠤ ᠲᠣᠰᠬᠤᠨ᠂ ᠰᠢᠶᠠᠨ ᠤ ᠬᠠᠤᠯᠢ ᠴᠠᠭᠠᠵᠠ   ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠰᠢᠶᠠᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ᠂ ᠰᠢᠶᠠᠨ ᠤ ᠳᠠᠩᠰᠠ ᠡᠪᠬᠡᠮᠡᠯ ᠤᠨ ᠣᠷᠳᠣᠨ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ᠂ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠵᠡᠷᠭᠡ 7 ᠨᠠᠮ ᠤᠨ ᠵᠣᠬᠢᠶᠠᠨ ᠪᠠᠶᠢᠭᠤᠯᠤᠯᠲᠠ ᠳᠤ ᠪᠠᠶᠢᠩᠭᠤ   ᠶᠢᠨ ᠲᠣᠭᠤᠷᠢᠨ ᠪᠠᠶᠢᠴᠠᠭᠠᠯᠲᠠ ᠬᠢᠬᠦ ᠪᠣᠯᠣᠨ᠎ᠠ᠃      ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠬᠥᠮᠥᠰ᠂ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠪᠠᠶᠢᠭᠤᠯᠤᠮᠵᠢ ᠶᠢᠨ ᠪᠦᠬᠦ ᠪᠦᠷᠢᠯᠳᠦᠭᠦᠨ ᠵᠢᠴᠢ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠬᠠᠢ ᠲᠤᠰᠢᠶᠠᠯᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1