ᠲᠣᠭᠲᠠᠬᠤ ᠰᠢᠶᠠᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2023/3/15
      ᠪᠣᠯᠪᠠᠰᠤᠨ ᠪᠣᠯ ᠬᠤᠳᠠ ᠶᠢᠨ ᠰᠦᠭ ᠰᠦᠨᠡᠰᠦ ᠮᠥᠨ᠂ ᠪᠠᠰᠠ ᠴᠤ ᠬᠤᠳᠠ ᠶᠢᠨ ᠪᠣᠳᠠᠲᠤ ᠬᠦᠴᠦᠨ ᠮᠥᠨ ᠃ ᠣᠶᠢᠷ᠎ᠠ ᠶᠢᠨ ᠵᠢᠯ ᠠᠴᠠ᠂ ᠲᠣᠭᠲᠠᠬᠤ ᠰᠢᠶᠠᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠴᠢᠶᠠᠯᠠᠪᠤᠷᠢ ᠪᠠ ᠪᠦᠲᠦᠮᠵᠢᠲᠡᠢ ᠭᠠᠷᠳᠠᠴᠠ ᠪᠣᠯᠭᠠᠵᠤ᠂ ᠪᠠᠶᠢᠩᠭᠤᠵᠢᠭᠰᠠᠨ᠂ ᠨᠠᠷᠢᠯᠢᠭᠵᠢᠭᠰᠠᠨ᠂ ᠵᠢᠷᠤᠮᠵᠢᠭᠰᠠᠨ ᠬᠠᠮᠢᠶᠠᠷᠤᠯᠲᠠ ᠶᠢᠨ ᠵᠠᠭᠪᠤᠷ ᠢ ᠪᠦᠷᠢᠨᠰᠢᠭᠦᠯᠵᠦ᠂ ᠬᠤᠳᠠ ᠶᠢᠨ ᠬᠠᠮᠢᠶᠠᠷᠤᠯᠲᠠ ᠶᠢᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠳᠦ ᠲᠥᠷᠥᠭᠳᠡᠯ ᠢ ᠨᠡᠩ ᠲᠡᠭᠦᠯᠳᠡᠷᠵᠢᠭᠦᠯᠦᠭᠰᠡᠨ ᠪᠠᠶᠢᠨ᠎ᠠ᠃ ᠣᠳᠣᠬᠠᠨ ᠳᠤ᠂ ᠬᠤᠳᠠ ᠨᠡᠩ ᠦᠵᠡᠰᠬᠦᠯᠡᠩᠲᠦ ᠰᠠᠶᠢᠬᠠᠨ ᠪᠣᠯᠵᠤ᠂ ᠬᠥᠳᠡᠭᠡ ᠲᠣᠰᠬᠤᠨ ᠨᠡᠩ ᠦᠵᠡᠰᠬᠦᠯᠡᠩᠲᠦ ᠰᠠᠶᠢᠬᠠᠨ ᠪᠣᠯᠵᠤ᠂ ᠪᠣᠯᠪᠠᠰᠤᠨ ᠤ ᠴᠡᠴᠡᠭ ᠳᠡᠯᠭᠡᠷᠡᠨ  ᠂ ᠲᠣᠭᠲᠠᠬᠤ ᠰᠢᠶᠠᠨ ᠤ ᠬᠥᠮᠥᠰ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠠᠴᠠ ᠪᠣᠯᠤᠭᠰᠠᠨ ᠠᠰᠢᠭ ᠲᠤᠰᠠ ᠶᠢ ᠡᠳ᠋ᠯᠡᠵᠦ ᠪᠠᠶᠢᠨ᠎ᠠ᠃      ᠤᠬᠠᠭᠤᠯᠵᠤ ᠬᠥᠲᠥᠯᠥᠨ ᠵᠢᠯᠤᠭᠤᠳᠴᠤ ᠪᠠᠶᠢᠭᠠᠳ ᠠᠭᠤᠷ ᠠᠮᠢᠰᠬᠤᠯ ᠢ ᠠᠬᠢᠭᠤᠯᠪᠠ᠃ ᠤᠬᠠᠭᠤᠯᠭ᠎ᠠ ᠪᠣᠯ ᠪᠣᠳᠠᠲᠤ ᠬᠦᠴᠦᠨ ᠮᠥᠨ᠂ ᠪᠠᠰᠠ ᠴᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢᠨ ᠠᠬᠢᠭᠤᠯᠬᠤ ᠡᠮ ᠮᠥᠨ ᠃ ᠲᠣᠭᠲᠠᠬᠤ ᠰᠢᠶᠠᠨ ︽ᠰᠦᠯᠵᠢᠶᠡᠨ ᠳᠡᠭᠡᠷ᠎ᠡ + ᠰᠦᠯᠵᠢᠶᠡᠨ ᠠᠴᠠ ᠭᠠᠳᠠᠨᠠᠬᠢ︾ ᠶᠢᠨ ᠵᠠᠭᠪᠤᠷ ᠢᠶᠠᠷ ᠥᠷᠭᠡᠨ ᠤᠯᠠᠨ ᠰᠠᠭᠤᠭᠠᠯᠢ ᠠᠷᠠᠳ ᠢ ᠪᠦᠬᠦ ᠲᠠᠯ᠎ᠠ ᠪᠠᠷ ᠬᠥᠲᠥᠯᠥᠨ ᠳᠠᠭᠠᠭᠤᠯᠵᠤ ᠬᠤᠳᠠ ᠶᠢ ᠡᠭᠦᠳᠬᠦ ᠮᠡᠳᠡᠯᠭᠡ ᠶᠢᠨ ᠬᠡᠪᠴᠢᠶ᠎ᠡ ᠶᠢ ᠥᠷᠭᠡᠳᠬᠡᠵᠦ᠂ ᠬᠤᠳᠠ ᠶᠢ ᠡᠭᠦᠳᠬᠦ ᠬᠠᠷᠢᠭᠤᠴᠠᠯᠭᠠᠲᠤ ᠰᠡᠳᠬᠢᠯᠭᠡ ᠶᠢ ᠨᠢ ᠳᠡᠭᠡᠭᠰᠢᠯᠡᠭᠦᠯᠵᠡᠢ᠃ ︽ᠰᠦᠯᠵᠢᠶᠡᠨ ᠳᠡᠭᠡᠷ᠎ᠡ︾ ᠸᠢᠴᠠᠲ ᠤᠨ ᠨᠡᠶᠢᠲᠡ ᠶᠢᠨ ᠳ᠋ᠤᠭᠠᠷ᠂  ᠲᠢᠭ ᠳ᠋ᠤᠭ᠂ ᠲᠦᠷᠭᠡᠨ ᠭᠠᠷ ᠣᠬᠤᠷ ᠸᠢᠳᠢᠤ᠋ ᠵᠡᠷᠭᠡ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠤᠬᠠᠭᠤᠯᠭ᠎ᠠ ᠶᠢᠨ ᠬᠡᠯᠪᠡᠷᠢ ᠪᠠ ᠠᠭᠤᠯᠭ᠎ᠠ ᠶᠢᠨ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ᠂ ᠣᠯᠠᠨ ᠲᠦᠮᠡᠨ ᠤ ᠭᠥᠯᠢᠶᠡᠨ ᠠᠪᠬᠤ ᠬᠡᠮᠵᠢᠶ᠎ᠡ ᠶᠢ ᠲᠡᠭᠡᠭᠰᠢᠯᠡᠭᠦᠯᠪᠡ᠃ ︽ᠰᠦᠯᠵᠢᠶᠡᠨ ᠭᠠᠳᠠᠨ᠎ᠠ︾ ᠨᠢ ᠭᠤᠣᠯ ᠰᠡᠳᠦᠪᠲᠦ ᠠᠵᠢᠯᠯᠠᠭ᠎ᠠ ᠥᠷᠨᠢᠭᠦᠯᠬᠦ᠂ ᠡᠯᠭᠦᠭᠡ ᠪᠢᠴᠢᠭᠡᠰᠦ ᠨᠠᠭᠠᠬᠤ᠂ ᠪᠡᠶ᠎ᠡ ᠪᠠᠷ ᠢᠶᠠᠨ ᠭᠡᠷ ᠲᠤᠨᠢ ᠬᠦᠷᠴᠦ ᠤᠬᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠣᠯᠪᠠᠰᠤᠨ ᠤ ᠮᠡᠳᠡᠯᠭᠡ ᠪᠠ ᠣᠶᠢᠯᠠᠭᠠᠭᠳᠠᠬᠤᠨ ᠢ ᠲᠦᠭ ᠲᠦᠮᠡᠨ ᠠᠶᠢᠯ ᠡᠷᠦᠬᠡ ᠳᠤ ᠬᠦᠷᠭᠡᠬᠦ ᠶᠢ ᠲᠦᠯᠬᠢᠨ ᠠᠬᠢᠭᠤᠯᠪᠠ᠃ ᠰᠢᠶᠠᠨ ᠤ ᠰᠣᠶᠣᠯ ᠤᠨ ᠰᠠᠯᠠᠭ᠎ᠠ ᠮᠥᠴᠢᠷ ᠤᠨ ᠬᠢᠨ ᠰᠣᠶᠣᠯ ᠤᠳᠬ᠎ᠠ ᠤᠷᠠᠯᠢᠭ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠥᠷᠨᠢᠭᠦᠯᠵᠦ᠂ ᠡᠯ᠎ᠡ ᠪᠠᠯᠭᠠᠰᠤ ᠶᠢᠨ ᠬᠢᠨ ︽ᠨᠢᠭᠡ ᠭᠡᠷ᠎ᠡ ᠲᠦᠷᠪᠡᠨ ᠬᠤᠷᠠᠯ︾ ᠤᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠵᠠᠩ ᠳᠠᠳᠬᠠᠯ ᠢ ᠥᠭᠡᠷᠡᠴᠢᠯᠡᠬᠦ ᠲᠠᠯ᠎ᠠ ᠪᠠᠷ ᠨᠡᠯᠢᠶᠡᠳ ᠰᠠᠶᠢᠨ ᠦᠷ᠎ᠡ ᠪᠦᠲᠦᠮᠵᠢ ᠣᠯᠵᠤ᠂ ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠤᠭᠰᠠᠨ ᠨᠤᠷᠮ᠎ᠠ ᠪᠦᠬᠦ ᠲᠣᠰᠬᠤᠨ ᠪᠠᠯᠭᠠᠰᠤ ᠶᠢᠨ 60% ᠳᠤ ᠬᠦᠷᠴᠦ᠂ 2 ᠲᠣᠰᠬᠤᠨ ᠪᠠᠯᠭᠠᠰᠤ ᠪᠦᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ ᠶᠢᠨ ᠴᠣᠯᠠ ᠶᠢ ᠬᠦᠷᠲᠡᠵᠡᠢ᠃
     ᠰᠠᠶᠢᠨ ᠳᠤᠷ᠎ᠠ ᠶᠢᠨ ᠦᠢᠯᠡᠴᠢᠯᠡᠭᠡ ᠨᠢ ᠠᠷᠠᠳ ᠤᠨ ᠰᠡᠳᠬᠢᠯ ᠢ ᠨᠢᠭᠳᠠᠷᠠᠭᠤᠯᠪᠠ᠃ ᠲᠣᠭᠲᠠᠬᠤ ᠰᠢᠶᠠᠨ ᠰᠠᠶᠢᠨ ᠳᠤᠷ᠎ᠠ ᠶᠢᠨ ᠦᠢᠯᠡᠴᠢᠯᠡᠭᠡᠨ ᠢᠶᠠᠷ ᠠᠷᠠᠳ ᠤᠨ ᠰᠡᠳᠬᠢᠯ ᠢ ᠨᠢᠭᠲᠠᠷᠠᠭᠤᠯᠬᠤ᠂ ᠬᠥᠮᠥᠰ ᠤᠨ ᠰᠡᠳᠬᠢᠯ ᠢ ᠳᠤᠯᠠᠭᠠᠴᠠᠭᠤᠯᠬᠤ᠂ ᠰᠡᠳᠬᠢᠯ ᠢᠶᠠᠨ ᠨᠢᠭᠡᠳᠬᠡᠬᠦ ᠴᠢᠬᠤᠯᠠ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷ᠂ ᠪᠣᠯᠪᠠᠰᠤᠨ ᠨᠢᠭᠡᠴᠡ᠂ ᠶᠣᠰᠣ ᠮᠣᠷᠠᠯ ᠤᠨ ᠵᠢᠱᠢᠶᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠭᠤᠯᠤᠭᠰᠠᠨ ᠰᠠᠶᠢᠨ ᠳᠤᠷ᠎ᠠ ᠶᠢᠨ ᠠᠵᠢᠯᠯᠠᠭᠴᠢ 5506 ᠬᠥᠮᠥᠨ ᠢ ᠲᠠᠶᠢᠴᠢᠯᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ 169 ᠪᠠᠶᠢᠭᠤᠯᠪᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠦᠷᠳᠡᠭᠡ︶  ᠳᠤ ᠲᠦᠰᠢᠭᠯᠡᠨ ︽8+N︾  ᠰᠠᠶᠢᠨ ᠳᠤᠷ᠎ᠠ ᠶᠢᠨ ᠦᠢᠯᠡᠴᠢᠯᠡᠭᠡ ᠶᠢ ᠪᠠᠶᠢᠩᠭᠤᠵᠢᠭᠤᠯᠤᠨ ᠥᠷᠨᠢᠭᠦᠯᠵᠦ᠂ ᠤᠨᠤᠯ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ᠂ ᠬᠠᠤᠯᠢ ᠳᠦᠷᠢᠮ ᠤᠨ ᠲᠠᠶᠢᠯᠤᠮᠵᠢ᠂ ᠠᠯᠪᠠᠨ ᠵᠢᠷᠤᠮ ᠤᠨ ᠡᠮᠴᠢᠯᠡᠭᠡ ᠶᠢᠨ ᠦᠢᠯᠡᠴᠢᠯᠡᠭᠡ᠂ ᠰᠣᠶᠣᠯ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡ᠂ ᠵᠠᠩ ᠳᠠᠳᠬᠠᠯ ᠢ ᠥᠭᠡᠷᠡᠴᠢᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡ ᠶᠢ  ᠪᠠᠶᠢᠩᠭᠤᠵᠢᠭᠤᠯᠪᠠ᠃ ᠲᠤᠭᠳᠠᠬᠤ ᠰᠢᠶᠠᠨ ᠤ ᠬᠥᠮᠥᠰ ᠤᠨ ᠠᠮᠢᠳᠤᠷᠠᠯ ᠤᠨ ᠴᠢᠨᠠᠷ ᠴᠢᠨᠰᠠᠭ᠎ᠠ ᠳᠡᠭᠡᠭᠰᠢᠯᠡᠵᠦ᠂ ᠠᠮᠢᠳᠤᠷᠠᠯ ᠤᠨ ᠣᠷᠴᠢᠨ ᠲᠣᠭᠤᠷᠢᠨ ᠰᠠᠶᠢᠵᠢᠷᠠᠵᠤ᠂ ᠦᠢᠯᠡᠰ ᠪᠣᠰᠬᠠᠬᠤ ᠬᠠᠯᠠᠭᠤᠨ ᠰᠡᠳᠬᠢᠯᠭᠡ ᠣᠷᠭᠢᠯᠤᠨ ᠪᠠᠳᠠᠷᠠᠭᠰᠠᠨ ᠪᠠᠶᠢᠨ᠎ᠠ᠃
     ᠵᠠᠮ ᠬᠠᠷᠢᠯᠴᠠᠭᠠᠨ ᠤ ᠡᠮᠬᠢ ᠵᠢᠷᠤᠮ ᠢ ᠵᠢᠷᠤᠮᠵᠢᠭᠤᠯᠪᠠ᠃ ᠲᠣᠭᠲᠠᠬᠤ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠪᠠᠰᠤᠨ ᠵᠠᠮ ᠬᠠᠷᠢᠯᠴᠠᠭᠠᠨ ᠤ ᠬᠡᠪ ᠴᠢᠨᠠᠷ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠬᠢᠷᠢ ᠲᠦᠪᠰᠢᠨ ᠪᠠ ᠵᠠᠮ ᠬᠠᠷᠢᠯᠴᠠᠭᠠᠨ ᠤ ᠡᠮᠬᠢ ᠵᠢᠷᠤᠮ ᠵᠡᠷᠭᠡ ᠭᠤᠷᠪᠠᠨ ᠬᠡᠰᠡᠭ ᠠᠴᠠ ᠭᠠᠷᠳᠠᠵᠤ᠂ ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠨ ᠨᠡᠶᠢᠲᠡᠯᠢᠭ ᠵᠠᠮ ᠬᠠᠷᠢᠯᠴᠠᠭᠠᠨ ᠤ ᠠᠳᠡᠯ ᠤᠨ ᠬᠡᠷᠡᠭ ᠤᠨ ᠵᠢᠱᠢᠶ᠎ᠡ ᠶᠢ ᠬᠦᠷᠭᠡᠵᠦ᠂ ᠰᠡᠷᠡᠮᠵᠢᠯᠡᠭᠦᠯᠬᠦ ᠣᠬᠤᠷ ᠮᠡᠳᠡᠭᠡ ᠶᠠᠪᠤᠭᠤᠯᠵᠤ᠂ ᠪᠥᠬᠦ ᠰᠢᠶᠠᠨ ᠤ 86 ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ ᠳᠠᠶᠢᠴᠢᠯᠠᠨ ᠭᠡᠷ ᠲᠤᠨᠢ ᠬᠦᠷᠴᠦ ᠡᠷᠦᠬᠡ ᠳᠤ ᠣᠷᠣᠬᠤ᠂ ᠤᠬᠠᠭᠤᠯᠭ᠎ᠠ ᠶᠢᠨ ᠵᠢᠷᠤᠭ ᠨᠠᠭᠠᠬᠤ ᠵᠡᠷᠭᠡ ᠪᠣᠯᠪᠠᠰᠤᠨ ᠵᠠᠮ ᠬᠠᠷᠢᠯᠴᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠨᠢᠭᠦᠯᠪᠡ᠃ ᠵᠠᠮ ᠬᠠᠷᠢᠯᠴᠠᠭᠠᠨ ᠤ ᠠᠮᠤᠷ ᠲᠦᠪᠰᠢᠨ ᠤ ᠪᠡᠯᠡᠳᠬᠡᠮᠵᠢ ᠶᠢ ᠲᠡᠭᠦᠯᠳᠡᠷᠵᠢᠭᠦᠯᠵᠦ᠂ ᠵᠠᠮ ᠬᠠᠷᠢᠯᠴᠠᠭᠠᠨ ᠤ ᠰᠠᠨᠠᠭᠤᠯᠤᠮᠵᠢ ᠶᠢᠨ ᠫᠠᠶᠢᠰᠠ ᠲᠠᠭᠠᠷᠠᠭᠤᠯᠵᠤ᠂ ︽ᠲᠡᠷᠭᠡ ᠬᠥᠮᠥᠨ ᠳᠤ ᠵᠠᠮ ᠲᠠᠯᠪᠢᠬᠤ︾ ᠰᠠᠨᠠᠭᠤᠯᠤᠮᠵᠢ ᠶᠢᠨ ᠥᠰᠥᠭ ᠪᠢᠴᠢᠭ ᠤᠨ ᠲᠡᠮᠳᠡᠭ ᠪᠠ ᠮᠠᠰᠢᠨᠲᠤ ᠪᠤᠰᠤ ᠲᠡᠷᠭᠡᠨ ᠤ ᠲᠡᠷᠭᠡ ᠵᠣᠭᠰᠣᠬᠤ ᠪᠠᠶᠢᠷᠢ ᠵᠢᠷᠤᠪᠠ᠃ ᠮᠠᠰᠢᠨᠲᠤ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠰᠣᠭᠲᠣᠭᠤ ᠪᠠᠷ ᠲᠡᠷᠭᠡ ᠵᠢᠯᠤᠭᠤᠳᠬᠤ᠂ ᠦᠨᠡᠮᠯᠡᠯ ᠦᠭᠡᠢ ᠪᠠᠷ ᠲᠡᠷᠭᠡ ᠵᠢᠯᠤᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠰᠠᠬᠤ ᠠᠵᠢᠯ ᠢ ᠥᠷᠨᠢᠭᠦᠯᠵᠦ᠂ ᠪᠦᠬᠦ ᠰᠢᠶᠠᠨ ᠤ ᠬᠤᠳᠠ ᠶᠢᠨ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠲᠡᠷᠭᠡᠨ ᠳᠤ 3 ᠲᠦᠮᠡ ᠭᠠᠷᠤᠢ ᠲᠡᠷᠭᠡᠨ ᠫᠠᠶᠢᠰᠠ ᠲᠠᠭᠠᠷᠠᠭᠤᠯᠵᠤ ᠥᠭᠪᠡ᠃ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢ ᠠᠵᠤ ᠠᠬᠤᠶᠢᠯᠠᠯ᠂ ᠬᠥᠳᠡᠭᠡ ᠲᠣᠰᠬᠤᠨ᠂ ᠰᠤᠷᠭᠠᠭᠤᠯᠢ᠂ ᠨᠡᠶᠢᠭᠡᠮ ᠲᠣᠭᠤᠷᠢᠭ᠂ ᠪᠠᠶᠢᠭᠤᠯᠭ᠎ᠠ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠵᠦ᠂ ᠪᠦᠬᠦ ᠰᠢᠶᠠᠨ ᠢᠶᠠᠷ ᠢᠶᠠᠨ ᠰᠢᠯᠢᠳᠡᠭ ᠰᠠᠶᠢᠨ ᠡᠮᠬᠢ ᠳᠢᠭᠯᠢᠮ ᠢ ᠬᠥᠮᠥᠨ ᠪᠦᠬᠦᠨ ᠬᠠᠮᠲᠤ ᠪᠠᠷ ᠡᠭᠦᠳᠬᠦ ᠪᠣᠯᠪᠠᠰᠤᠨ ᠵᠠᠮ ᠬᠠᠷᠢᠯᠴᠠᠭᠠᠨ ᠤ ᠠᠭᠤᠷ ᠠᠮᠢᠰᠬᠤᠯ ᠢ ᠪᠤᠢ ᠪᠤᠯᠭᠠᠪᠠ᠃      ᠠᠷᠢᠭᠤᠨ ᠴᠡᠪᠡᠷ ᠣᠷᠴᠢᠨ ᠲᠣᠭᠤᠷᠢᠨ ᠢ ᠴᠡᠭᠴᠡᠯᠡᠨ ᠵᠠᠰᠠᠪᠠ᠃ ᠬᠤᠲᠠ ᠬᠥᠳᠡᠭᠡ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ︽ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠨᠠᠮ ᠵᠠᠰᠠᠭ ᠤᠨ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ᠂ ᠬᠤᠲᠠ ᠶᠢ ᠡᠭᠦᠳᠦᠨ ᠪᠠᠶᠢᠭᠤᠯᠬᠤ ᠠᠯᠪᠠᠨ ᠭᠡᠷ ᠵᠣᠬᠢᠶᠠᠨ ᠪᠠᠶᠢᠭᠤᠯᠤᠨ ᠵᠣᠬᠢᠴᠠᠭᠤᠯᠬᠤ᠂ ᠡᠯ᠎ᠡ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠷᠢᠭᠤᠴᠠᠬᠤ︾ ᠠᠵᠢᠯ ᠤᠨ ᠲᠣᠭᠲᠠᠴᠠ ᠶᠢ ᠭᠦᠢᠴᠡᠳ ᠪᠠᠳᠠᠷᠠᠭᠤᠯᠵᠤ᠂ ᠡᠬᠢ ᠪᠠᠶᠠᠯᠢᠭ ᠢ ᠢᠳᠡᠪᠬᠢᠲᠡᠢ ᠪᠠᠷ ᠡᠮᠬᠢᠯᠡᠨ ᠨᠡᠶᠢᠯᠡᠭᠦᠯᠵᠦ᠂ ᠡᠯ᠎ᠡ ᠲᠠᠯ᠎ᠠ ᠶᠢᠨ ᠬᠦᠴᠦᠨ ᠢ ᠭᠦᠢᠴᠡᠳ ᠳᠠᠶᠢᠴᠢᠯᠠᠨ᠂ ᠰᠢᠶᠠᠨ ᠤ ᠬᠤᠲᠠ ᠶᠢᠨ ᠲᠣᠭᠤᠷᠢᠭ ᠲᠤ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠨᠠᠮ ᠤᠨ ᠭᠡᠰᠢᠭᠦᠨ ᠺᠠᠳ᠋ᠷ᠂ ᠨᠡᠶᠢᠭᠡᠮ ᠲᠣᠭᠤᠷᠢᠭ ᠤᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ᠂ ᠰᠦᠯᠵᠢᠶᠡᠨ ᠤ ᠠᠵᠢᠯᠲᠠᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠠ ᠠᠳᠠᠯ ᠠᠬᠤᠢ ᠶᠢᠨ ᠠᠵᠢᠯᠲᠠᠨ ᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ 159 ᠳᠠᠭᠠᠭᠠᠴᠢᠯᠠᠨ ᠬᠤᠯᠪᠣᠭᠠᠯᠠᠭᠰᠠᠨ ᠵᠢᠵᠢᠭ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠪᠡ︔ ᠡᠯ᠎ᠡ ᠪᠠᠯᠭᠠᠰᠤ᠂ ᠬᠠᠲᠤᠨ ᠭᠤᠣᠯ ᠤᠨ ᠨᠤᠭᠤ ᠭᠠᠵᠠᠷ ᠤᠨ ᠬᠠᠮᠢᠶᠠᠷᠤᠨ ᠬᠠᠮᠠᠭᠠᠯᠠᠬᠤ ᠲᠥᠪ ᠲᠤ ᠬᠤᠲᠠ ᠬᠥᠳᠡᠭᠡ ᠶᠢᠨ ᠠᠭᠤᠯᠵᠠᠷ ᠬᠡᠰᠡᠭ᠂ ᠵᠠᠮ ᠳᠠᠭᠠᠤ ᠶᠢᠨ ᠵᠠᠰᠠᠮᠠᠯ ᠵᠠᠮ ᠤᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠦᠷᠨᠢᠭᠦᠯᠪᠡ︔ ᠬᠥᠳᠡᠭᠡ ᠲᠣᠰᠬᠤᠨ ᠤ ᠭᠠᠵᠠᠷ ᠣᠷᠣᠨ ᠳᠤ ᠠᠶᠢᠯ ᠲᠣᠰᠬᠤᠨ ᠢ ᠴᠡᠪᠡᠷᠯᠡᠬᠦ ᠠᠵᠢᠯᠯᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠴᠡᠪᠡᠷᠯᠡᠵᠦ᠂ ᠬᠥᠳᠡᠭᠡ ᠲᠣᠰᠬᠤᠨ ᠤ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ᠂ ᠡᠷᠦᠭᠡ ᠶᠢᠨ ᠵᠣᠷᠯᠣᠩ ᠢ ᠥᠭᠡᠷᠡᠴᠢᠯᠡᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢᠨ ᠠᠭᠤᠰᠤᠯᠳᠤᠨ ᠬᠥᠭᠵᠢᠬᠦ ᠶᠢ ᠲᠦᠯᠬᠢᠨ ᠠᠬᠢᠭᠤᠯᠪᠠ᠃
     ᠦᠢᠯᠡᠴᠢᠯᠡᠭᠡᠨ ᠤ ᠰᠢᠯᠢᠳᠡᠭ ᠦᠷ᠎ᠡ ᠪᠦᠲᠦᠮᠵᠢ ᠶᠢ ᠲᠡᠭᠡᠭᠰᠢᠯᠡᠭᠦᠯᠪᠡ  ᠃ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠲᠣᠭᠲᠠᠬᠤ ᠰᠢᠶᠠᠨ ᠤ ᠬᠢᠨ ᠠᠷᠠᠳ ᠤᠯᠠᠨ ᠤ ︽ᠬᠦᠴᠢᠷ ᠵᠣᠪᠠᠭᠤᠷᠢ︾ ᠶᠢ ᠰᠢᠢᠳᠪᠦᠷᠢᠯᠡᠬᠦ ᠪᠠᠷ ᠴᠢᠷᠮᠠᠶᠢᠵᠤ᠂ ᠬᠤᠳᠠ ᠶᠢᠨ ᠬᠡᠪᠴᠢᠶᠡᠨ ᠤ ᠵᠠᠰᠠᠯᠲᠠ ᠶᠢᠨ ᠰᠢᠨ᠎ᠡ ᠶᠢ ᠡᠭᠦᠳᠬᠦ ᠶᠢ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠡᠭᠦᠷᠭᠡ ᠬᠠᠷᠠᠯᠲᠠ ᠶᠢᠨ ᠪᠢᠴᠢᠭ ᠲᠤ ᠪᠢᠴᠢᠵᠦ ᠣᠷᠣᠭᠤᠯᠪᠠ᠃ ᠬᠤᠳᠠ ᠪᠠᠶᠢᠭᠤᠯᠬᠤ ᠠᠵᠢᠯᠲᠠᠨ ᠢ ᠲᠣᠬᠢᠷᠠᠭᠤᠯᠬᠤ ᠪᠠ ᠦᠢᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠵᠤ᠂ ᠪᠦᠬᠦ ᠰᠢᠶᠠᠨ ᠢᠶᠠᠷ ᠢᠶᠠᠨ 345 ᠲᠤᠤᠷᠴᠢᠯᠠᠯ ᠬᠤᠪᠢᠶᠠᠵᠤ᠂ 539 ᠲᠤᠤᠷᠴᠢᠯᠠᠯ ᠠᠵᠢᠯᠲᠠᠨ ᠲᠣᠬᠢᠷᠠᠭᠤᠯᠵᠤ᠂ ᠰᠢᠶᠠᠨ᠂ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶᠂ ᠠᠰᠠᠷ ︵ᠨᠢᠭᠡᠴᠢ︶ ᠢ ᠪᠦᠬᠦᠨ ᠢ ᠬᠠᠮᠤᠷᠤᠭᠰᠠᠨ ᠶᠡᠷᠦᠩᠬᠡᠶᠢᠯᠡᠭᠰᠡᠨ ᠲᠤᠤᠷᠴᠢᠯᠠᠯ ᠦᠢᠯᠡᠴᠢᠯᠡᠭᠡᠨ ᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠪᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠭᠠᠷᠠᠭ ᠤᠨ ᠵᠢᠷᠭᠤᠭᠠᠨ ᠤ ᠡᠳᠦᠷ ᠲᠤ ᠴᠠᠭ ᠢ ᠤᠷᠲᠤᠳᠬᠠᠨ ᠦᠢᠯᠡᠴᠢᠯᠡᠬᠦ︾ ᠶᠢ ᠬᠡᠷᠡᠭᠵᠢᠭᠦᠯᠵᠦ᠂ 8 ᠰᠠᠯᠠᠭ᠎ᠠ ᠮᠥᠴᠢᠷ ᠤᠨ 197 ᠵᠦᠢᠯ ᠤᠨ ᠤᠴᠢᠷ ᠶᠠᠪᠤᠳᠠᠯ ᠢ ᠭᠠᠷᠠᠭ ᠤᠨ ᠵᠢᠷᠭᠤᠭᠠᠨ ᠤ ᠡᠳᠦᠷ ᠲᠤ ᠭᠦᠢᠴᠡᠳᠬᠡᠵᠦ ᠪᠣᠯᠣᠨ᠎ᠠ᠃ ᠬᠤᠲᠠ ᠬᠥᠳᠡᠭᠡ ᠶᠢᠨ ᠵᠠᠮ ᠢ ᠥᠭᠡᠷᠡᠴᠢᠯᠡᠨ ᠪᠦᠲᠦᠭᠡᠨ ᠪᠠᠶᠢᠭᠤᠯᠵᠤ᠂ 120 ᠵᠠᠰᠠᠭ ᠵᠠᠬᠢᠷᠭᠠᠨ ᠤ ᠲᠣᠰᠬᠤᠨ ᠤ ᠪᠠᠷᠤᠭᠰᠢᠨ ᠱᠦᠢᠨᠢ ᠵᠠᠮ ᠤᠨ ᠰᠠᠭᠠᠳ ᠦᠭᠡᠢ ᠨᠡᠪᠲᠡᠷᠡᠭᠰᠡᠨ ᠨᠣᠷᠮ᠎ᠠ ᠶᠢ 100% ᠳᠤ ᠬᠦᠷᠦᠭᠦᠯᠪᠡ᠃ ᠡᠯᠳᠡᠪ ᠶᠠᠭᠤᠮ᠎ᠠ ᠶᠢ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ᠂ ᠵᠠᠮ ᠡᠵᠡᠯᠡᠨ ᠡᠵᠡᠩᠨᠡᠬᠦ ᠶᠢ ᠴᠡᠭᠴᠡᠯᠡᠨ ᠵᠠᠰᠠᠵᠤ᠂ ᠪᠣᠷᠣᠭᠠᠨ ᠪᠣᠬᠢᠷ ᠤᠰᠤᠨ ᠤ ᠬᠤᠳᠳᠤᠭ ᠢ ᠰᠡᠯᠪᠢᠨ ᠵᠠᠰᠠᠵᠤ᠂ ᠶᠠᠪᠠᠭᠠᠨ ᠬᠥᠮᠥᠨ ᠤ ᠵᠠᠮ ᠢ ᠰᠡᠯᠪᠢᠨ ᠵᠠᠰᠠᠵᠤ᠂ ᠦᠵᠡᠮᠵᠢ ᠶᠢᠨ ᠴᠡᠴᠡᠭ ᠤᠨ ᠬᠠᠶᠢᠷᠴᠠᠭ ᠢ 378 ᠪᠦᠯᠦᠭ ᠨᠡᠮᠡᠪᠡ᠃ ᠭᠤᠣᠯ ᠰᠡᠳᠦᠪᠲᠦ ᠴᠡᠴᠡᠷᠯᠢᠭ ᠤᠨ ᠪᠦᠲᠦᠭᠡᠨ ᠪᠠᠶᠢᠭᠤᠯᠤᠯᠲᠠ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠢ ᠰᠢᠨᠡᠳᠬᠡᠨ ᠥᠭᠡᠷᠡᠴᠢᠯᠡᠬᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ᠂ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ᠂ ᠲᠥᠪᠯᠡᠷᠡᠭᠦᠯᠦᠨ ᠢᠯᠴᠢ ᠬᠠᠩᠭᠠᠬᠤ ᠢᠨᠵᠧᠨᠧᠷᠢᠩ ᠵᠡᠷᠭᠡ ᠲᠥᠯᠦᠪᠵᠢᠭᠦᠯᠭᠡ ᠪᠠᠶᠢᠷᠢᠯᠠᠭᠤᠯᠤᠯᠲᠠ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠠᠷᠠᠳ ᠲᠤ ᠥᠷᠭᠡᠨ ᠢᠶᠠᠷ ᠠᠰᠢᠭᠲᠠᠢ᠂ ᠠᠷᠠᠳ ᠲᠤ ᠲᠦᠭᠦᠮ ᠦᠵᠡᠭᠦᠯᠪᠡ᠃ ᠡᠳᠡᠭᠡᠷ ᠠᠷᠭ᠎ᠠ ᠬᠡᠮᠵᠢᠶ᠎ᠡ ᠨᠢ ᠤᠯᠠᠨ ᠲᠦᠮᠡᠨ ᠤ ᠠᠵᠢᠯ ᠠᠮᠢᠳᠤᠷᠠᠯ ᠳᠤ ᠦᠨᠡᠨ ᠬᠦ ᠲᠦᠬᠦᠮ ᠦᠵᠡᠭᠦᠯᠵᠦ᠂ ᠠᠷᠠᠳ ᠤᠨ ᠵᠣᠪᠠᠨᠢᠯ ᠢ ᠠᠷᠢᠯᠭᠠᠬᠤ᠂ ᠠᠷᠠᠳ ᠤᠨ ᠬᠦᠴᠢᠷᠳᠡᠯ ᠢ ᠠᠷᠢᠯᠭᠠᠬᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠶᠢ ᠦᠨᠡᠨ ᠬᠦ ᠪᠡᠶᠡᠯᠡᠭᠦᠯᠵᠦ᠂ ᠤᠯᠠᠨ ᠲᠦᠮᠡᠨ ᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ ᠮᠡᠳᠡᠷᠡᠬᠦ ᠰᠡᠳᠬᠢᠯᠭᠡ ᠪᠠ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ ᠬᠠᠷᠢᠭᠤᠴᠠᠯᠭᠠᠲᠤ ᠰᠡᠳᠬᠢᠯᠭᠡ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ ᠪᠠᠶᠢᠨ᠎ᠠ᠃      ︽ᠳᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠤ ᠬᠢᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠭᠦᠨᠵᠡᠭᠡᠢ ᠪᠠᠬᠢᠵᠢᠭᠦᠯᠦᠨ ᠬᠠᠮᠠᠭᠠᠯᠠᠵᠤ᠂ ᠠᠷᠠᠳ ᠲᠤ ᠲᠦᠭᠦᠮ ᠦᠵᠡᠭᠦᠯᠬᠦ ᠠᠷᠠᠳ ᠲᠤ ᠠᠰᠢᠭ ᠬᠦᠷᠲᠡᠭᠡᠬᠦ ᠶᠢ ᠠᠵᠢᠯ ᠤᠨ ᠢᠶᠠᠨ ᠡᠭᠦᠰᠬᠡᠯ ᠪᠠ ᠲᠡᠭᠦᠰᠬᠡᠯ ᠪᠣᠯᠭᠠᠬᠤ ᠶᠢ ᠪᠠᠷᠢᠮᠲᠠᠯᠠᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠪᠦᠬᠦ ᠬᠦᠴᠦᠨ ᠢᠶᠠᠷ ᠢᠶᠠᠨ ᠨᠥᠬᠦᠪᠦᠷᠢᠯᠡᠵᠦ᠂ ᠨᠠᠷᠢᠯᠢᠭ ᠣᠨᠣᠪᠴᠢᠲᠠᠢ᠂ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠪᠠᠷᠢᠮᠲᠠᠯᠠᠵᠤ ᠭᠦᠨᠵᠡᠭᠡᠢ ᠤᠬᠠᠭᠤᠯᠤᠨ ᠬᠥᠲᠥᠯᠥᠨ ᠵᠢᠯᠤᠭᠤᠳᠴᠤ᠂ ᠬᠤᠳᠠ ᠶᠢᠨ ᠠᠷᠠᠳ ᠤᠨ ᠪᠣᠯᠪᠠᠰᠤᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠤᠯᠠᠨ ᠲᠦᠮᠡᠨ ᠤ ᠤᠯᠠᠨ ᠨᠡᠶᠢᠲᠡ ᠶᠢᠨ ᠪᠣᠯᠪᠠᠰᠤᠨ ᠤ ᠠᠵᠢᠯᠯᠠᠭ᠎ᠠ ᠶᠢᠨ ᠰᠠᠨᠠᠭᠠᠴᠢᠯᠠᠭᠠᠲᠤ ᠴᠢᠨᠠᠷ ᠪᠠ ᠤᠬᠠᠮᠰᠠᠷᠲᠤ ᠴᠢᠨᠠᠷ ᠢ ᠳᠡᠭᠡᠭᠰᠢᠯᠡᠭᠦᠯᠵᠦ᠂ ᠬᠤᠳᠠ ᠶᠢᠨ ᠪᠣᠯᠪᠠᠰᠤᠨ ᠤ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠪᠠᠲᠤᠯᠠᠬᠤ ᠬᠡᠷᠡᠭᠲᠡᠢ︾ ᠭᠡᠵᠦ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠰᠢᠦᠢ ᠭᠦᠸᠧ ᠳ᠋ᠦᠩ ᠬᠡᠯᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1