ᠲᠣᠭᠲᠠᠬᠤ ᠰᠢᠶᠠᠨ ︽ᠰᠦᠯᠵᠢᠶᠡᠨ ᠤ ᠳᠠᠮᠵᠢᠭᠤᠯᠭ᠎ᠠ ᠶᠢᠨ ᠡᠮᠬᠢ ᠳᠢᠭᠯᠢᠮ ᠢ ᠵᠢᠷᠤᠮᠵᠢᠭᠤᠯᠵᠤ ᠰᠦᠯᠵᠢᠶᠡᠨ ᠤ ᠪᠣᠯᠪᠠᠰᠤᠨ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠶ᠎ᠡ︾ ᠰᠦᠯᠵᠢᠶᠡᠨ ᠭᠠᠳᠠᠨᠠᠬᠢ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/3/16
      3 ᠳ᠋ᠤᠭᠠᠷ ᠰᠠᠷ᠎ᠠ ᠶᠢᠨ 14 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠬᠤᠷᠢᠶ᠎ᠠ ᠶᠢᠨ ᠤᠬᠠᠭᠤᠯᠬᠤ ᠬᠡᠯᠲᠡᠰ᠂ ᠰᠢᠶᠠᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠲᠣᠭᠲᠠᠬᠤ ᠰᠢᠶᠠᠨ ᠤ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠠᠯᠪᠠᠨ ᠭᠡᠷ︾᠂ ᠰᠢᠶᠠᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠥᠪ ᠠᠴᠠ ᠭᠤᠣᠯᠯᠠᠨ ᠡᠷᠬᠢᠯᠡᠭᠰᠡᠨ ︽ᠰᠦᠯᠵᠢᠶᠡᠨ ᠤ ᠳᠠᠮᠵᠢᠭᠤᠯᠭ᠎ᠠ ᠶᠢᠨ ᠡᠮᠬᠢ ᠳᠢᠭᠯᠢᠮ ᠢ ᠵᠢᠷᠤᠮᠵᠢᠭᠤᠯᠵᠤ ᠰᠦᠯᠵᠢᠶᠡᠨ ᠤ ᠪᠣᠯᠪᠠᠰᠤᠨ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠶ᠎ᠡ︾ ᠰᠦᠯᠵᠢᠶᠡᠨ ᠤ ᠭᠠᠳᠠᠨᠠᠬᠢ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠲᠣᠭᠲᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠥᠷᠨᠢᠭᠦᠯᠵᠡᠢ᠃ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠶᠠᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠵᠡᠷᠭᠡ ᠬᠤᠯᠪᠣᠭᠳᠠᠯ ᠪᠦᠬᠦᠢ ᠨᠢᠭᠡᠴᠡ ᠣᠷᠣᠯᠴᠠᠪᠠ᠃
     ᠠᠵᠢᠯᠯᠠᠭ᠎ᠠ ᠶᠢᠨ ᠳᠤᠮᠳᠠ᠂ ᠡᠯ᠎ᠡ ᠨᠢᠭᠡᠴᠡ ᠶᠢᠨ ᠬᠠᠷᠢᠭᠤᠴᠠᠯᠭᠠᠲᠠᠨ ᠵᠢᠴᠢ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ᠭᠤᠣᠯ ᠰᠡᠳᠦᠪᠲᠦ ᠭᠠᠷ ᠤᠨ ᠥᠰᠥᠭ ᠵᠢᠷᠤᠬᠤ ᠠᠵᠢᠯᠯᠠᠭ᠎ᠠ ᠶᠢᠨ ᠡᠯᠭᠦᠭᠡ ᠪᠢᠴᠢᠭᠡᠰᠦ ᠳᠡᠭᠡᠷ᠎ᠡ ᠥᠪᠡᠷ ᠤᠨ ᠨᠡᠷ᠎ᠡ ᠪᠠᠨ ᠲᠥᠪ ᠴᠢᠩᠭ᠎ᠠ ᠪᠠᠷ ᠵᠢᠷᠤᠵᠤ᠂ ᠰᠦᠯᠵᠢᠶᠡᠨ ᠤ ᠣᠷᠣᠨ ᠵᠠᠢ ᠶᠢᠨ ᠠᠵᠢᠯᠯᠠᠭ᠎ᠠ ᠶᠢᠨ ᠵᠢᠷᠤᠮᠵᠢᠯ ᠢ ᠴᠢᠩᠭᠠᠳᠬᠠᠬᠤ᠂ ᠰᠦᠯᠵᠢᠶᠡᠨ ᠳᠡᠭᠡᠷᠡᠬᠢ ᠰᠠᠶᠢᠨ ᠰᠠᠶᠢᠬᠠᠨ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠪᠡ᠃ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠰᠠᠯᠪᠤᠷᠢ ᠠᠩᠭᠢ ᠶᠢᠨ ᠭᠤᠤ ᡁᠢ ᠶᠤᠸᠠᠨ ᠨᠥᠬᠦᠷ ᠰᠤᠷᠤᠭᠴᠢᠳ ᠲᠤ ︽ᠰᠦᠯᠵᠢᠶᠡᠨ ᠤ ᠳᠠᠮᠵᠢᠭᠤᠯᠭ᠎ᠠ ᠶᠢᠨ ᠡᠮᠬᠢ ᠳᠢᠭᠯᠢᠮ ᠢ ᠵᠢᠷᠤᠮᠵᠢᠭᠤᠯᠵᠤ ᠰᠦᠯᠵᠢᠶᠡᠨ ᠤ ᠪᠣᠯᠪᠠᠰᠤᠨ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠵᠦ ᠰᠦᠯᠵᠢᠶᠡᠨ ᠤ ᠪᠣᠯᠪᠠᠰᠤᠨ ᠤ ᠰᠢᠨ᠎ᠡ ᠰᠤᠷᠲᠠᠯ ᠢ ᠪᠤᠢ ᠪᠣᠯᠭᠠᠵᠤ ᠰᠦᠯᠵᠢᠶᠡᠨ ᠤ ᠴᠠᠭ ᠦᠶ᠎ᠡ ᠶᠢᠨ ᠰᠢᠨ᠎ᠡ ᠬᠥᠮᠥᠨ ᠪᠤᠯᠤᠶ᠎ᠡ︾ ᠭᠡᠬᠦ ᠰᠦᠯᠵᠢᠶᠡᠨ ᠤ ᠮᠡᠳᠡᠯᠭᠡ ᠶᠢᠨ ᠲᠠᠶᠢᠯᠤᠮᠵᠢ ᠥᠷᠨᠢᠭᠦᠯᠵᠡᠢ᠃ ᠲᠣᠰ ᠠᠵᠢᠯᠯᠠᠭ᠎ᠠ ᠳᠤ ᠪᠠᠰᠠ ᠥᠪᠥᠷ ᠮᠣᠩᠭᠤᠯ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠭᠡᠰᠢᠭᠦᠨ᠂ ᠬᠥᠬᠡᠬᠤᠲᠠ ᠶᠢᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠭᠡᠰᠢᠭᠦᠨ᠂ ᠲᠣᠭᠲᠠᠬᠤ ᠰᠢᠶᠠᠨ ᠤ ᠤᠷᠠᠨ ᠪᠢᠴᠢᠯᠭᠡᠲᠡᠨ ᠤ ᠨᠡᠶᠢᠭᠡᠮᠯᠢᠭ ᠤᠨ ᠳᠡᠳ᠋ ᠲᠡᠷᠢᠭᠦᠯᠡᠭᠴᠢ ᠪᠥᠭᠡᠳ ᠨᠠᠷᠢᠨ ᠪᠢᠴᠢᠭ ᠤᠨ ᠳᠠᠷᠤᠭ᠎ᠠ ᠱᠢ ᠵᠢᠶᠠᠨ ᠭᠦᠸᠧ ᠶᠢ ᠤᠷᠢᠵᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ︱ 2023 ︽ᠤᠷᠠᠨ ᠪᠢᠴᠢᠯᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ︾ ᠶᠢᠨ ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ ᠳᠤ ᠣᠷᠣᠯᠴᠠᠭᠤᠯᠵᠠᠢ᠃
      ᠲᠣᠰ ᠤᠳᠠᠭᠠᠨ ᠤ ᠠᠵᠢᠯᠯᠠᠭ᠎ᠠ ᠶᠢᠨ ᠭᠤᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠥᠬᠦ ᠲᠠᠯ᠎ᠠ ᠶᠢᠨ ᠪᠠᠶᠢᠵᠤ᠂ ᠪᠠᠭᠰᠢ ᠰᠤᠷᠤᠭᠴᠢᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠬᠢᠯᠭᠠᠨ ᠬᠤᠯᠪᠣᠭᠠᠨ ᠤ ᠰᠦᠯᠵᠢᠶᠡᠨ ᠤ ᠮᠡᠬᠡᠯᠡᠯ ᠢ ᠡᠰᠡᠷᠭᠦᠴᠡᠬᠦ ᠬᠠᠤᠯᠢ︾ ︽ᠮᠡᠳᠡᠭᠡ ᠵᠠᠩᠭᠢ ᠶᠢᠨ ᠰᠦᠯᠵᠢᠶᠡᠨ ᠤ ᠶᠠᠯᠠᠲᠤ ᠠᠵᠢᠯᠯᠠᠭ᠎ᠠ ᠶᠢ ᠬᠠᠪᠰᠤᠷᠤᠭᠰᠠᠨ ᠶᠠᠯ᠎ᠠ︾ ᠵᠡᠷᠭᠡ ᠬᠠᠤᠯᠢ ᠴᠠᠭᠠᠵᠠ ᠶᠢᠨ ᠲᠠᠯ᠎ᠠ ᠶᠢᠨ ᠮᠡᠳᠡᠯᠭᠡ ᠶᠢ ᠲᠦᠭᠡᠮᠡᠯᠵᠢᠭᠦᠯᠵᠦ ᠂ ᠦᠷᠭᠦᠯᠵᠢ ᠲᠣᠬᠢᠶᠠᠯᠳᠤᠳᠠᠭ ᠴᠠᠬᠢᠯᠭᠠᠨ ᠬᠤᠯᠪᠣᠭᠠᠨ ᠤ ᠰᠦᠯᠵᠢᠶᠡᠨ ᠤ ᠮᠡᠬᠡᠯᠡᠯ ᠤᠨ ᠲᠥᠷᠥᠯ ᠵᠦᠢᠯ᠂ ᠬᠤᠣᠷ ᠬᠥᠨᠥᠭᠡᠯ ᠵᠢᠴᠢ ᠮᠡᠬᠡᠯᠡᠯ ᠤᠨ ᠬᠡᠷᠡᠭ ᠲᠣᠬᠢᠶᠠᠯᠳᠤᠭᠰᠠᠨ ᠤ ᠳᠠᠷᠠᠭ᠎ᠠ ᠬᠡᠷᠬᠢᠨ ᠲᠦᠷᠭᠡᠨ ᠰᠢᠢᠳᠪᠦᠷᠢᠯᠡᠬᠦ ᠲᠤᠬᠠᠢ ᠵᠠᠳᠠᠯᠤᠨ ᠰᠢᠨᠵᠢᠯᠡᠭᠰᠡᠨ ᠪᠠᠶᠢᠨ᠎ᠠ᠃ ᠰᠤᠷᠤᠭᠴᠢᠳ ᠤᠨ ᠰᠦᠯᠵᠢᠶ᠎ᠡ ᠶᠢ ᠪᠣᠯᠪᠠᠰᠤᠨ ᠢᠶᠠᠷ ᠬᠡᠷᠡᠭᠯᠡᠬᠦ᠂ ᠰᠦᠯᠵᠢᠶᠡᠨ ᠳᠤ ᠪᠣᠯᠪᠠᠰᠤᠨ ᠢᠶᠠᠷ ᠭᠠᠷᠬᠤ ᠤᠬᠠᠮᠰᠠᠷ ᠢ ᠪᠤᠢ ᠪᠣᠯᠭᠠᠬᠤ ᠶᠢ ᠬᠥᠲᠥᠯᠥᠨ ᠵᠢᠯᠤᠭᠤᠳᠴᠤ᠂ ᠪᠦᠬᠦ ᠪᠠᠭᠰᠢ ᠰᠤᠷᠤᠭᠴᠢᠳ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠢᠯᠭᠠᠨ ᠲᠠᠨᠢᠬᠤ ᠪᠠ ᠰᠡᠷᠭᠡᠶᠢᠯᠡᠬᠦ᠂ ᠰᠦᠯᠵᠢᠶᠡᠨ ᠤ ᠪᠣᠯᠪᠠᠰᠤᠨ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠵᠦ᠂ ᠮᠠᠨ ᠤ ᠰᠢᠶᠠᠨ ᠤ ︽ᠰᠦᠯᠵᠢᠶ᠎ᠡ ᠶᠢ ᠬᠠᠮᠠᠭᠠᠯᠠᠬᠤ᠂ ᠰᠦᠯᠵᠢᠶ᠎ᠡ ᠶᠢ ᠴᠡᠪᠡᠷᠯᠡᠬᠦ︾ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠵᠢᠷᠤᠮᠵᠢᠯ ᠲᠠᠢ ᠡᠮᠬᠢ ᠳᠢᠭᠯᠢᠮ ᠲᠠᠢ᠂ ᠰᠤᠷᠲᠠᠯ ᠴᠢᠬᠡᠴᠢ ᠣᠪᠣᠷ ᠲᠥᠪ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠬᠦ ᠰᠦᠯᠵᠢᠶᠡᠨ ᠤ ᠣᠷᠴᠢᠨ ᠲᠣᠭᠤᠷᠢᠨ ᠢ ᠪᠦᠷᠢᠯᠳᠦᠭᠦᠯᠬᠦ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠵᠡᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1