ᠮᠠᠨ ᠤ ᠰᠢᠶᠠᠨ ︽3.15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠵᠢᠴᠢ ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ ᠦᠵᠡᠭᠦᠯᠬᠦ ᠵᠡᠭᠡᠯᠢ ᠶᠢ ᠡᠭᠦᠳᠦᠨ ᠪᠠᠶᠢᠭᠤᠯᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/16
      3 ᠳ᠋ᠤᠭᠠᠷ ᠰᠠᠷ᠎ᠠ ᠶᠢᠨ 15 ᠤ ᠡᠳᠦᠷ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠡᠷᠭᠡ ᠨᠢᠭᠡᠴᠡ ᠵᠢᠴᠢ ᠬᠡᠰᠡᠭ ᠠᠵᠤ ᠠᠬᠤᠶᠢᠯᠠᠯ ᠤᠨ ᠣᠷᠣᠯᠴᠠᠭᠰᠠᠨ ︽ᠬᠡᠷᠡᠭᠯᠡᠭᠡᠨ ᠤ ᠢᠲᠡᠭᠡᠯ ᠢ ᠬᠦᠭᠵᠢᠭᠦᠯᠦᠶ᠎ᠡ︾ ᠪᠠᠷ ᠭᠤᠣᠯ ᠰᠡᠳᠦᠪ ᠪᠣᠯᠭᠠᠭᠰᠠᠨ ︽3.15︾  ᠶᠢᠨ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠵᠢᠴᠢ ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ ᠦᠵᠡᠭᠦᠯᠬᠦ ᠵᠡᠭᠡᠯᠢ ᠶᠢ ᠡᠭᠦᠳᠦᠨ ᠪᠠᠶᠢᠭᠤᠯᠬᠤ ᠡᠬᠢᠯᠡᠯᠲᠡ ᠶᠢᠨ ᠶᠣᠰᠣᠯᠠᠯ ᠶᠦᠨ ᠵᠦᠩ ᠰᠣᠶᠣᠯ ᠤᠨ ᠣᠷᠳᠣᠨ ᠤ ᠲᠠᠯᠠᠪᠠᠶ ᠳᠤ ᠶᠠᠪᠤᠭᠳᠠᠪᠠ᠃      ᠠᠵᠢᠯᠯᠠᠭ᠎ᠠ ᠨᠢ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠰᠠᠭᠤᠨ ᠯᠠᠪᠯᠠᠬᠤ ᠲᠠᠪᠴᠠᠩ ᠭᠠᠷᠭᠠᠬᠤ ᠪᠠᠷ ᠳᠠᠮᠵᠢᠭᠤᠯᠤᠨ᠂ ᠬᠡᠷᠡᠭᠯᠡᠭᠴᠢᠳ ᠤᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠨ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ᠂ ᠰᠢᠨᠵᠢᠯᠡᠬᠦ ᠤᠬᠠᠭᠠᠨᠴᠢ ᠪᠠᠷ ᠬᠡᠷᠡᠭᠯᠡᠭᠡ ᠬᠢᠬᠦ ᠣᠶᠢᠯᠠᠭᠠᠭᠳᠠᠬᠤᠨ ᠢ ᠤᠯᠠᠮᠵᠢᠯᠠᠵᠤ᠂ ᠪᠥᠬᠦ ᠰᠢᠶᠠᠨ ᠤ ᠡᠯ᠎ᠡ ᠠᠵᠢᠯ ᠲᠥᠷᠥᠯ ᠤᠨ ᠦᠨᠡᠨᠴᠢ ᠢᠲᠡᠭᠡᠮᠵᠢ   ᠶᠢᠨ ᠦᠢᠯᠡᠴᠢᠯᠡᠭᠡᠨ ᠤ ᠪᠠᠶᠢᠭᠤᠯᠤᠯᠲᠠ ᠶᠢ ᠠᠬᠢᠭᠤᠯᠤᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠪᠥᠬᠦ ᠰᠢᠶᠠᠨ ᠤ ᠠᠷᠠᠳ ᠲᠦᠮᠡᠨ ᠤ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠤᠬᠠᠮᠰᠠᠷ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠪᠠ ᠡᠶ᠎ᠡ ᠵᠣᠬᠢᠴᠠᠯ ᠲᠠᠢ ᠬᠡᠷᠡᠭᠯᠡᠭᠡᠨ ᠤ ᠣᠷᠴᠢᠨ ᠲᠣᠭᠤᠷᠢᠨ ᠢ ᠪᠠᠶᠢᠭᠤᠯᠬᠤ ᠬᠠᠤᠯᠢ ᠪᠠᠷ ᠵᠠᠰᠠᠬᠤ ᠠᠭᠤᠷ ᠠᠮᠢᠰᠬᠤᠯ   ᠢ ᠪᠣᠶ ᠪᠣᠯᠭᠠᠵᠠᠢ᠃      ᠣᠶᠢᠯᠠᠭᠠᠭᠰᠠᠨ ᠢᠶᠠᠷ᠂ ᠡᠨᠡ ᠵᠢᠯ ᠤᠨ ︽3.15︾ ᠤ ᠠᠵᠢᠯᠯᠠᠭ᠎ᠠ ᠶᠢᠨ ᠬᠤᠭᠤᠴᠠᠭᠠᠨ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠦᠷᠭᠦᠯᠵᠢᠯᠡᠨ ᠥᠷᠨᠢᠭᠦᠯᠵᠦ᠂ ︽ᠰᠠᠨᠠᠭ᠎ᠠ ᠠᠮᠤᠷ ᠬᠡᠷᠡᠭᠯᠡᠭᠡ ᠶᠢᠨ ᠠᠮᠠᠯᠠᠯᠲᠠ︾ ︽ᠰᠦᠯᠵᠢᠶᠡᠨ ᠭᠠᠳᠠᠨ᠎ᠠ ᠰᠢᠯᠲᠠᠭᠠᠨ ᠦᠭᠡᠢ ᠪᠠᠷ ᠪᠠᠷᠠᠭ᠎ᠠ ᠪᠤᠴᠠᠭᠠᠬᠤ ᠠᠮᠠᠯᠠᠯᠲᠠ︾ ᠶᠢ ᠰᠠᠨᠠᠭᠠᠴᠢᠯᠠᠨ ᠬᠡᠷᠡᠭᠵᠢᠭᠦᠯᠵᠦ᠂ ᠦᠨᠳᠦᠰᠦᠨ ᠱᠠᠲᠤᠨ ᠤ ᠬᠡᠷᠡᠭᠯᠡᠭᠡ ᠶᠢᠨ ᠡᠷᠬᠡ ᠠᠰᠢᠭ ᠢ ᠬᠠᠮᠠᠭᠠᠯᠠᠬᠤ ᠥᠷᠲᠡᠭᠡ ᠪᠠᠶᠢᠭᠤᠯᠬᠤ ᠶᠢ ᠲᠦᠯᠬᠢᠨ ᠠᠬᠢᠭᠤᠯᠬᠤ ᠶᠢᠨ ᠬᠠᠮᠲᠤ ᠣᠯᠠᠨ ᠲᠦᠮᠡᠨ ᠤ ᠠᠩᠬᠠᠷᠴᠤ ᠪᠠᠶᠢᠭ᠎ᠠ ᠬᠡᠷᠡᠭᠯᠡᠭᠡ ᠶᠢᠨ ᠬᠠᠯᠠᠮᠰᠢᠯ ᠠᠰᠠᠭᠤᠳᠠᠯ ᠪᠠ ᠲᠦᠪᠡᠭᠲᠡᠢ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠵᠦ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1