ᠥᠪᠥᠷ ᠮᠣᠩᠭᠤᠯ ᠢ ᠬᠠᠮᠵᠢᠨ ᠲᠡᠳᠬᠦᠬᠦ ᠳᠠᠬᠢᠨᠲᠠ ᠦᠷᠭᠦᠯᠵᠢᠯᠡᠭᠦᠯᠵᠦ ᠪᠠᠶᠢᠨ᠎ᠠ— ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠶᠢ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠭᠡᠷ᠎ᠡ ᠲᠣᠭᠲᠠᠬᠤ ᠶᠣᠰᠣᠯᠠᠯ ᠵᠢᠴᠢ 2023 ᠣᠨ ᠤ ᠠᠩᠬᠠᠨ ᠤ ᠪᠦᠯᠦᠭ ᠠᠩᠭᠢ ᠶᠢᠨ ᠭᠡᠰᠢᠭᠦᠳ ᠢ ᠦᠳᠡᠨ ᠮᠣᠷᠳᠠᠭᠤᠯᠬᠤ ᠬᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2023/3/17
      3 ᠳ᠋ᠤᠭᠠᠷ ᠰᠠᠷ᠎ᠠ ᠶᠢᠨ 15 ᠤ ᠡᠳᠦᠷ᠂ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠶᠢ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠭᠡᠷ᠎ᠡ ᠲᠣᠭᠲᠠᠬᠤ ᠶᠣᠰᠣᠯᠠᠯ ᠵᠢᠴᠢ 2023 ᠣᠨ ᠤ ᠠᠩᠬᠠᠨ ᠤ ᠪᠦᠯᠦᠭ ᠲᠠᠮᠢᠷᠴᠢᠳ ᠢ ᠦᠳᠡᠨ ᠮᠣᠷᠳᠠᠭᠤᠯᠬᠤ ᠬᠤᠷᠠᠯ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶ᠎ᠠ ᠳᠤ ᠶᠠᠪᠤᠭᠳᠠᠪᠠ᠃ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ ᠳ᠋ᠦ᠋ ᠪᠢᠨ᠂ ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠬᠤᠷᠢᠶᠠᠨ ᠤ ᠱᠦᠵᠢ ᠬᠠᠨ ᠴᠢᠤᠸᠠᠨ ᠹᠧᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠸ ᠵᠧᠩ ᠬᠤᠷᠠᠯ ᠳᠤ ᠣᠷᠣᠯᠴᠠᠪᠠ᠃       ᠳ᠋ᠦ᠋ ᠪᠢᠨ ᠢᠯᠡᠷᠬᠡᠶᠢᠯᠡᠬᠦ ᠳᠡᠭᠡᠨ᠂ ᠰᠢᠶ᠋ᠧ ᠾᠧ ᠡᠮᠨᠡᠯᠭᠡ ᠶᠢᠨ ᠬᠤᠷᠢᠶ᠎ᠠ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠰᠢᠯᠢᠳᠡᠭ ᠴᠡᠷᠢᠭ ᠬᠦᠴᠦᠷᠬᠡᠭ ᠵᠠᠩᠵᠤᠨ ᠢ ᠰᠣᠩᠭᠤᠨ ᠲᠣᠮᠢᠯᠠᠵᠤ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠨ᠎ᠠ︔ ᠡᠭᠦᠨ ᠤ ᠵᠡᠷᠭᠡ ᠳᠤ ᠪᠠᠰᠠ ᠬᠠᠪᠰᠤᠷᠤᠨ ᠲᠡᠳᠬᠦᠬᠦ ᠠᠷᠭ᠎ᠠ ᠮᠠᠶ᠋ᠢᠭ ᠢ ᠪᠠᠶᠠᠯᠢᠭᠵᠢᠭᠤᠯᠵᠤ᠂ ᠢᠨᠲ᠋ᠧᠷ ᠰᠦᠯᠵᠢᠶᠡᠨ ᠤ ᠮᠡᠷᠭᠡᠵᠢᠯ   ᠢᠶᠠᠷ ᠠᠯᠤᠰ ᠠᠴᠠ ᠬᠠᠮᠲᠤᠷᠠᠨ ᠣᠨᠣᠰᠢᠯᠠᠬᠤ᠂ ᠬᠢᠴᠢᠶᠡᠯ ᠣᠷᠣᠬᠤ᠂ ᠥᠷᠥᠭᠡ ᠪᠠᠶᠢᠴᠠᠭᠠᠬᠤ ᠵᠡᠷᠭᠡ ᠠᠵᠢᠯᠯᠠᠭ᠎ᠠ ᠶᠢ ᠥᠷᠨᠢᠭᠦᠯᠦᠨ᠎ᠡ᠃ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠠᠪᠰᠤᠷᠤᠨ ᠲᠡᠳᠬᠦᠬᠦ ᠲᠣᠭᠲᠠᠴᠠ ᠪᠠᠨ ᠲᠡᠭᠦᠯᠳᠡᠷᠵᠢᠭᠦᠯᠵᠦ᠂ ᠴᠤ᠋ ᠰᠢᠨ᠎ᠡ ᠬᠦᠷᠢᠶ᠎ᠡ ᠪᠠᠨ ᠥᠷᠭᠡᠳᠬᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
     ᠬᠠᠨ ᠴᠢᠤᠸᠠᠨ ᠹᠧᠨ ᠢᠯᠡᠷᠬᠡᠶᠢᠯᠡᠬᠦ ᠳᠡᠭᠡᠨ᠂ 14 ᠵᠢᠯ ᠬᠠᠪᠰᠤᠷᠤᠨ ᠲᠡᠳᠬᠦᠭᠰᠡᠨ ᠨᠢ ᠡᠮᠴᠢᠯᠡᠭᠡᠨ ᠤ ᠬᠢᠷᠢ ᠲᠦᠪᠰᠢᠨ ᠪᠠ ᠴᠢᠳᠠᠪᠤᠷᠢ ᠶᠢᠨ ᠲᠠᠯ᠎ᠠ ᠪᠠᠷ ᠬᠢ ᠬᠠᠪᠰᠤᠷᠤᠨ ᠲᠡᠳᠬᠦᠭᠰᠡᠨ ᠲᠡᠳᠦᠢ ᠪᠢᠰᠢ᠂ ᠨᠠᠩ ᠴᠤ ᠣᠶᠢᠯᠠᠭᠠᠭᠳᠠᠬᠤᠨ᠂ ᠰᠡᠳᠬᠢᠬᠦᠢ᠂ ᠪᠠᠶᠢᠳᠠᠯ᠂ ᠡᠮᠴᠢ ᠶᠢᠨ ᠮᠣᠷᠠᠯ ᠰᠤᠷᠲᠠᠯ ᠤᠨ ᠬᠠᠪᠰᠤᠷᠤᠨ ᠲᠡᠳᠬᠦᠭᠰᠡᠨ ᠶᠠᠪᠤᠳᠠᠯ ᠮᠥᠨ︔ ᠲᠤᠭᠳᠠᠬᠤ ᠰᠢᠶᠠᠨ ᠤ ᠡᠮᠨᠡᠯᠭᠡ ᠶᠢᠨ ᠬᠤᠷᠢᠶ᠎ᠠ ᠶᠢ ᠬᠠᠪᠰᠤᠷᠤᠨ ᠲᠡᠳᠬᠦᠬᠦ ᠪᠠᠷ ᠪᠠᠷᠠᠬᠤ ᠦᠭᠡᠢ᠂ ᠨᠡᠩ ᠴᠤ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠠᠷᠠᠳ ᠤᠯᠠᠨ ᠤ ᠡᠷᠡᠭᠦᠯ ᠮᠡᠨᠳᠦ ᠶᠢ ᠬᠠᠪᠰᠤᠷᠤᠨ ᠲᠡᠳᠬᠦᠵᠦ᠂ ᠬᠥᠬᠡᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠪᠰᠤᠷᠤᠨ ᠲᠡᠳᠬᠦᠵᠦ ᠪᠠᠶᠢᠭ᠎ᠠ ᠶᠠᠪᠤᠳᠠᠯ ᠪᠣᠯᠣᠨ᠎ᠠ᠃ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶ᠎ᠠ ᠦᠷᠭᠦᠯᠵᠢᠯᠡᠨ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠢᠴᠢ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠬᠤ ᠵᠠᠭᠪᠤᠷ ᠤᠨ ᠰᠢᠨ᠎ᠡ ᠶᠢ ᠡᠭᠦᠳᠴᠦ᠂ ᠬᠠᠪᠰᠤᠷᠤᠨ ᠲᠡᠳᠬᠦᠬᠦ ᠬᠠᠶᠢᠷ᠎ᠠ ᠰᠡᠳᠬᠢᠯᠭᠡ ᠪᠠᠨ ᠵᠤᠵᠠᠭᠠᠳᠬᠠᠨ᠂ ᠲᠣᠭᠲᠠᠬᠤ ᠰᠢᠶᠠᠨ᠂ ᠬᠥᠬᠡᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠲᠦᠯᠬᠢᠨ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃
     ᠭᠤᠸ ᠵᠧᠩ ᠲᠣᠭᠲᠠᠬᠤ ᠰᠢᠶᠠᠨ ᠤ ᠦᠨᠳᠦᠰᠦᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠲᠣᠭᠲᠠᠬᠤ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠢ ᠲᠥᠯᠥᠭᠡᠯᠡᠨ ᠰᠢᠶ᠋ᠧ ᠾᠧ ᠡᠮᠨᠡᠯᠭᠡ ᠶᠢᠨ ᠬᠤᠷᠢᠶ᠎ᠠ ᠶᠢᠨ ᠣᠯᠠᠨ ᠵᠢᠯ ᠤᠨ ᠲᠤᠷᠰᠢᠬᠢ ᠬᠠᠪᠰᠤᠷᠤᠨ ᠲᠡᠳᠬᠦᠵᠦ ᠳᠡᠮᠵᠢᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠠᠰᠢᠭ ᠭᠥᠷᠳᠡᠭᠰᠡᠨ ᠥᠷᠭᠡᠨ ᠣᠯᠠᠨ ᠠᠷᠠᠳ ᠲᠦᠮᠡᠨ ᠢ ᠲᠥᠯᠥᠭᠡᠯᠡᠨ ᠰᠢᠷᠭᠠᠭᠤ ᠬᠠᠲᠠᠭᠤᠵᠢᠯᠲᠠᠢ ᠪᠠᠷ ᠵᠢᠳᠬᠦᠵᠦ ᠪᠠᠶᠢᠭ᠎ᠠ ᠲᠤᠰᠬᠠᠢ ᠮᠡᠷᠭᠡᠵᠢᠯᠲᠡᠨ ᠵᠢᠴᠢ ᠡᠮᠨᠡᠯᠭᠡ ᠶᠢᠨ ᠠᠵᠢᠯᠲᠠᠳ ᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠪᠡ᠃ ᠲᠡᠷᠡ ᠢᠯᠡᠷᠬᠡᠶᠢᠯᠡᠬᠦ ᠳᠡᠭᠡᠨ᠂ ᠡᠨᠡ ᠤᠳᠠᠭᠠᠨ ᠤ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠵᠠᠪᠰᠢᠶᠠᠨ ᠢ ᠬᠤᠪᠢ ᠳᠠᠬᠢᠨ ᠨᠠᠨᠳᠢᠩᠨᠠᠵᠤ᠂ ᠰᠢᠶ᠋ᠧ ᠾᠧ ᠡᠮᠨᠡᠯᠭᠡ ᠶᠢᠨ ᠬᠤᠷᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠲᠣᠭᠲᠠᠬᠤ ᠰᠢᠶᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢ ᠳᠡᠮᠵᠢᠵᠦ᠂ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠶᠢ ᠵᠢᠯᠣᠭᠤᠳᠤᠨ ᠳᠣᠲᠣᠭᠠᠳᠤ ᠶᠢᠨ ᠬᠠᠮᠢᠶᠠᠷᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠥᠨᠳᠥᠷ ᠪᠦᠲᠦᠮᠵᠢᠲᠡᠶ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠶᠢ ᠣᠷᠣᠨ ᠪᠦᠰᠡ ᠶᠢᠨ ᠴᠢᠨᠠᠷᠲᠠᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠭᠠᠨ ᠪᠠᠶᠢᠭᠤᠯᠵᠤ᠂ ᠦᠨᠳᠦᠰᠦᠨ ᠱᠠᠲᠤᠨ ᠤ ᠣᠯᠠᠨ ᠲᠦᠮᠡᠨ ᠤ ︽ᠡᠪᠡᠳᠴᠢᠨ ᠦᠵᠡᠭᠦᠯᠬᠦ ᠳᠤ ᠬᠦᠴᠢᠷᠲᠡᠢ︾ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ ᠠᠷᠠᠳ ᠣᠯᠠᠨ ᠤ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠲᠡᠭᠡᠭᠰᠢᠯᠡᠭᠦᠯᠪᠡ ᠭᠡᠵᠡᠢ᠃       ᠬᠤᠷᠠᠯ ᠳᠡᠭᠡᠷ᠎ᠡ᠂ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶ᠎ᠠ᠂ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠬᠠᠪᠰᠤᠷᠤᠨ ᠲᠡᠳᠬᠦᠬᠦ ᠬᠡᠯᠡᠯᠴᠡᠭᠡᠷ ᠲᠤ ᠭᠠᠷ ᠤᠨ ᠦᠰᠦᠭ ᠵᠢᠷᠤᠵᠠᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1