ᠰᠢᠶᠠᠨ ᠤ ᠤᠯᠤᠰ ᠲᠦᠷᠦ ᠶᠢᠨ ᠵᠥᠪᠯᠡᠯᠭᠡᠨ ᠠᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠨᠠᠢᠮᠠᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/17
      3 ᠳ᠋ᠤᠭᠠᠷ ᠰᠠᠷ᠎ᠠ ᠶᠢᠨ 16 ᠤ ᠡᠳᠦᠷ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠮᠢᠩ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠨᠠᠢᠮᠠᠳᠤᠭᠠᠷ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠵᠢᠶᠠᠨ ᠵᠦᠩ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠬᠤᠷᠠᠯ ᠳᠤ ᠣᠷᠣᠯᠴᠠᠪᠠ᠃      ᠬᠤᠷᠠᠯ ᠠᠴᠠ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠨᠠᠢᠮᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠤᠨ ᠵᠥᠪᠯᠡᠬᠦ ᠵᠦᠢᠯ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠢᠭᠡᠳᠦᠭᠡᠷ ᠠᠯᠪᠠᠨ ᠭᠡᠷ ᠤᠨ ᠳᠥᠷᠪᠡᠳᠦᠭᠡᠷ ᠵᠥᠪᠯᠡᠯ ᠤᠨ 2023 ᠣᠨ ᠤ ᠠᠵᠢᠯ ᠤᠨ ᠲᠥᠯᠥᠪᠯᠡᠭᠡ ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ 2023 ᠣᠨ ᠤ ᠵᠥᠪᠯᠡᠬᠦ ᠰᠡᠳᠦᠪ᠂ 2023 ᠣᠨ ᠤ ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠱᠠᠯᠠᠪᠳᠠᠭᠤᠯᠤᠨ ᠰᠢᠢᠳᠪᠦᠷᠢᠯᠡᠬᠦ ᠠᠵᠢᠯ᠂ ᠲᠣᠭᠲᠠᠬᠤ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ 2023 ᠣᠨ ᠤ ᠰᠤᠷᠤᠯᠴᠠᠯᠭ᠎ᠠ ᠪᠣᠯᠪᠠᠰᠤᠷᠠᠯ ᠤᠨ ᠠᠵᠢᠯ ᠤᠨ ᠲᠥᠯᠥᠪᠯᠡᠭᠡ ᠶᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ ᠶᠢᠨ ᠵᠥᠪᠯᠡᠯᠭᠡᠨ ᠤ ᠬᠤᠷᠠᠯ ᠳᠤ ᠣᠷᠣᠯᠴᠠᠭᠰᠠᠨ ᠠᠷᠠᠳ ᠤᠨ ᠪᠦᠯᠬᠦᠮ ᠬᠤᠳᠠᠯᠳᠤᠭᠠᠴᠢᠨ ᠤ ᠡᠪᠯᠡᠯ ᠤ ᠬᠤᠯᠪᠣᠭ᠎ᠠ ᠶᠢᠨ ᠡᠲᠡᠭᠡᠳ ᠤᠨ ᠭᠡᠰᠢᠭᠦᠳ ᠢ ᠡᠷᠬᠢᠨ ᠦᠵᠡᠬᠦ ᠳᠡᠭᠡᠨ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠰᠢᠶᠠᠨ ᠤ ᠨᠠᠮ ᠤᠨ ᠬᠤᠷᠢᠶ᠎ᠠ ᠶᠢᠨ ᠬᠠᠳᠤᠨ ᠭᠤᠣᠯ ᠤᠨ ᠰᠠᠪᠠ ᠭᠠᠵᠠᠷ ᠤᠨ ᠲᠣᠭᠲᠠᠬᠤ ᠰᠢᠶᠠᠨ ᠤ ᠬᠡᠰᠡᠭ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠢᠴᠢ ᠠᠮᠢᠳᠤ ᠪᠣᠳᠠᠰ ᠤᠨ ᠡᠮ ᠡᠮᠨᠡᠯᠭᠡ ᠶᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠤᠯᠠᠮᠵᠢᠯᠠᠪᠠ᠃      ᠬᠤᠷᠠᠯ ᠠᠴᠠ᠂ ︽ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠴᠢᠨᠠᠷ ᠰᠠᠶᠢᠲᠠᠢ ᠬᠥᠭᠵᠢᠭᠦᠯᠬᠦ︾ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠣᠷᠣᠨ ᠪᠦᠰᠡ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠰᠠᠶᠢᠲᠤᠷ ᠠᠳᠬᠤᠵᠤ᠂ ᠬᠠᠳᠤᠨ ᠭᠤᠣᠯ ᠤᠨ ᠲᠠᠩ ᠭᠠᠵᠠᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ︽ᠤᠰᠤ ᠠᠷᠪᠢᠯᠠᠬᠤ᠂ ᠤᠰᠤ ᠬᠡᠷᠡᠭᠯᠡᠬᠦ᠂ ᠠᠮᠢᠳᠤ ᠤᠰᠤ︾ ᠭᠡᠬᠦ ᠭᠤᠷᠪᠠᠨ ᠠᠵᠢᠯ ᠢ ᠰᠠᠶᠢᠲᠤᠷ ᠬᠢᠬᠦ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠲᠠᠲᠠᠬᠤ ᠬᠠᠯᠠᠭᠤᠨ ᠥᠷᠨᠢᠯᠲᠡ ᠳᠤ ᠢᠳᠡᠪᠬᠢᠲᠡᠢ ᠣᠷᠣᠯᠴᠠᠵᠤ᠂ ᠮᠠᠨ ᠤ ᠰᠢᠶᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠳᠤᠮᠳᠠᠬᠢ ᠡᠪᠡᠷᠰᠢᠶᠡᠯ᠂ ᠬᠦᠴᠢᠷᠳᠡᠯ᠂ ᠲᠦᠭᠵᠢᠷᠡᠯ ᠢ ᠣᠨᠣᠪᠴᠢᠲᠠᠢ ᠣᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠡᠭᠦᠨ ᠤ ᠵᠡᠷᠭᠡᠴᠡᠭᠡᠪᠡᠷ᠂ ᠮᠠᠨ ᠤ ᠰᠢᠶᠠᠨ ᠤ ᠠᠵᠤ ᠠᠬᠤᠢ᠂ ᠨᠡᠶᠢᠭᠡᠮ᠂ ᠰᠣᠶᠣᠯ ᠤᠨ ᠪᠠᠶᠢᠭᠤᠯᠤᠯᠲᠠ ᠶᠢᠨ ᠠᠮᠵᠢᠯᠲᠠ ᠪᠠ ᠲᠤᠷᠰᠢᠯᠭ᠎ᠠ ᠶᠢ ᠶᠡᠭᠡ ᠪᠠᠷ ᠤᠬᠠᠭᠤᠯᠵᠤ᠂ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠪᠠ ᠬᠠᠷᠠᠭᠠᠯᠵᠠᠯᠲᠤ ᠲᠦᠷᠦ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠮᠠᠨ ᠤ ᠰᠢᠶᠠᠨ ᠤ ᠭᠠᠳᠠᠭᠠᠳᠤ ᠳᠤ ᠬᠠᠨᠳᠤᠭᠤᠯᠤᠭᠰᠠᠨ ᠳᠦᠷᠢ ᠲᠥᠷᠬᠦ ᠶᠢ ᠰᠠᠶᠢᠲᠤᠷ ᠪᠤᠢ ᠪᠣᠯᠭᠠᠬᠤ ᠬᠡᠷᠡᠭᠲᠡᠢ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠵᠢᠴᠢ ᠮᠠᠨ ᠤ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠡᠯ᠎ᠡ ᠵᠦᠢᠯ ᠤᠨ ᠵᠥᠪᠯᠡᠬᠦ ᠲᠥᠯᠥᠪᠯᠡᠭᠡ ᠲᠠᠢ ᠨᠢᠭᠲᠠ ᠤᠶᠠᠯᠳᠤᠭᠤᠯᠤᠨ᠂ ᠰᠣᠳᠣ ᠮᠡᠷᠭᠡᠨ ᠦᠭᠡ ᠬᠡᠯᠡᠵᠦ᠂ ᠪᠣᠳᠠᠲᠠᠢ ᠶᠢ ᠡᠷᠬᠢᠮᠯᠡᠬᠦ ᠠᠷᠭ᠎ᠠ ᠪᠣᠳᠣᠯᠭ᠎ᠠ ᠪᠠᠨ ᠳᠡᠪᠰᠢᠭᠦᠯᠵᠦ᠂ ᠠᠬᠢᠭᠤᠯᠬᠤ ᠬᠦᠴᠦᠨ ᠭᠠᠷᠭᠠᠵᠤ᠂ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠯᠠᠪᠳᠠᠭᠤᠨ ᠭᠦᠢᠴᠡᠳᠬᠡᠵᠦ᠂ ᠤᠯᠤᠰ ᠲᠦᠷᠦ ᠶᠢᠨ ᠵᠥᠪᠯᠡᠯᠭᠡᠨ ᠤ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠢᠳᠡᠪᠬᠢᠲᠡᠢ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1