ᠲᠣᠭᠲᠠᠬᠤ ᠰᠢᠶᠠᠨ᠄ ᠴᠡᠷᠢᠭ ᠲᠤ ᠮᠣᠷᠳᠠᠭᠤᠯᠵᠤ ᠤᠯᠤᠰ ᠤᠨ ᠲᠥᠯᠥᠭᠡ ᠵᠢᠳᠬᠦᠵᠦ ᠵᠠᠯᠠᠭᠤ ᠨᠠᠰᠤᠨ ᠢᠷᠠᠭᠤ ᠠᠯᠳᠠᠷ ᠢ  ᠪᠢᠴᠢᠭᠯᠡᠨᠡᠮ
ᠨᠡᠶᠢᠲᠡᠯᠡᠭᠰᠡᠨ ᠴᠠᠭ᠄
2023/3/17
      3 ᠳ᠋ᠤᠭᠠᠷ ᠰᠠᠷ᠎ᠠ ᠶᠢᠨ 15  ᠤ ᠦᠳᠡ ᠶᠢᠨ ᠬᠤᠶᠢᠨ᠎ᠠ᠂ ᠲᠣᠭᠲᠠᠬᠤ ᠰᠢᠶᠠᠨ 2023 ᠣᠨ ᠤ ᠳᠡᠭᠡᠷ᠎ᠡ ᠬᠠᠭᠠᠰ ᠵᠢᠯ ᠳᠤ ᠰᠢᠨ᠎ᠡ ᠴᠡᠷᠢᠭ ᠢ ᠦᠳᠡᠨ ᠮᠣᠷᠳᠠᠭᠤᠯᠬᠤ ᠶᠣᠰᠣᠯᠠᠯ ᠵᠢᠴᠢ ᠰᠢᠨ᠎ᠡ ᠴᠡᠷᠢᠭ ᠤᠨ ᠭᠡᠷ ᠤᠨ ᠠᠬᠠᠮᠠᠳ ᠤᠨ ᠶᠠᠷᠢᠯᠴᠠᠬᠤ ᠬᠤᠷᠠᠯ ᠢ ᠦᠪᠡᠳᠡᠭᠰᠢ ᠶᠡᠬᠡᠪᠡᠷ ᠶᠠᠪᠤᠭᠳᠠᠭᠤᠯᠵᠠᠢ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠬᠠᠨ ᠵᠧᠨ ᠸᠧᠢ᠂ ᠰᠢᠶᠠᠨ ᠤ ᠳᠡᠳ᠋ ᠳᠠᠷᠤᠭ᠎ᠠ ᠵᠠᠩ ᠵᠧᠨ ᠬᠠᠢ᠂ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠬᠠᠷᠢᠭᠤᠴᠠᠯᠭᠠᠲᠠᠨ ᠵᠢᠴᠢ ᠪᠦᠬᠦ ᠰᠢᠨ᠎ᠡ ᠴᠡᠷᠢᠭ ᠪᠣᠯᠣᠨ ᠭᠡᠷ ᠪᠦᠯᠢ   ᠶᠢᠨ ᠬᠢᠨ ᠡᠨᠡ ᠤᠳᠠᠭᠠᠨ ᠤ ᠠᠵᠢᠯᠯᠠᠭ᠎ᠠ ᠳᠤ ᠣᠷᠣᠯᠴᠠᠪᠠ᠃      ᠰᠢᠨ᠎ᠡ ᠴᠡᠷᠢᠭ ᠤᠳ ᠴᠡᠷᠢᠭ ᠤᠨ ᠬᠤᠪᠴᠠᠰᠤ ᠡᠮᠦᠰᠦᠨ᠂ ᠡᠩᠭᠡᠷ ᠳᠡᠭᠡᠷ᠎ᠡ ᠪᠠᠨ ᠤᠯᠠᠭᠠᠨ ᠴᠡᠴᠡᠭ ᠵᠡᠭᠦᠵᠦ᠂ ᠮᠥᠷᠥᠨ ᠳᠡᠭᠡᠷ᠎ᠡ ᠪᠠᠨ ᠪᠦᠴᠡ ᠨᠥᠮᠥᠷᠴᠦ᠂ ᠨᠢᠭᠡ ᠨᠢᠭᠡ ᠪᠠᠷ ᠢᠶᠠᠨ ᠴᠤᠭ ᠵᠢᠪᠬᠤᠭ᠎ᠠ ᠲᠠᠢ ᠪᠠᠶᠢᠯ᠎ᠠ᠃ ᠦᠳᠡᠨ ᠮᠣᠷᠳᠠᠭᠤᠯᠬᠤ ᠶᠣᠰᠣᠯᠠᠯ ᠳᠡᠭᠡᠷ᠎ᠡ᠂ ᠵᠠᠩ ᠵᠧᠨ ᠬᠠᠢ ᠰᠢᠨ᠎ᠡ ᠴᠡᠷᠢᠭ ᠲᠤ ᠴᠢᠩ ᠰᠡᠳᠬᠢᠯ ᠤᠨ ᠪᠠᠶᠠᠷ ᠬᠦᠷᠭᠡᠵᠦ ᠪᠠᠶᠢᠬᠤ ᠪᠠ ᠴᠢᠩ ᠰᠡᠳᠬᠢᠯ ᠤᠨ ᠬᠦᠰᠡᠯ ᠡᠷᠡᠮᠡᠯᠵᠡᠯ ᠢᠶᠠᠨ ᠢᠯᠡᠳᠬᠡᠵᠦ᠂ ᠰᠢᠨ᠎ᠡ ᠴᠡᠷᠢᠭ ᠲᠤ ᠬᠢᠯᠪᠡᠷ ᠪᠤᠰᠤ ᠪᠠᠷ ᠢᠷᠡᠭᠰᠡᠨ ᠠᠵᠠ ᠲᠣᠬᠢᠶᠠᠯ ᠢ ᠨᠠᠨᠳᠢᠩᠨᠠᠵᠤ᠂ ᠵᠣᠷᠢᠭᠲᠠᠢ ᠪᠠᠷ ᠲᠡᠮᠡᠴᠡᠵᠦ᠂ ᠡᠭᠦᠷᠢᠳᠡ ᠪᠠᠭᠤᠵᠤ ᠥᠭᠬᠦ ᠦᠭᠡᠢ ᠡᠷᠴᠢ ᠵᠣᠷᠢᠭ ᠲᠠᠢ ᠪᠠᠶᠢᠬᠤ ᠶᠢ ᠬᠦᠰᠡᠵᠡᠢ︔ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠦᠷᠡᠭᠳᠡᠯ ᠰᠦᠢᠳᠦᠯ ᠠᠴᠠ ᠠᠶᠤᠬᠤ ᠦᠭᠡᠢ ᠦᠵᠡᠯ ᠰᠠᠨᠠᠭᠠᠨ ᠤ ᠪᠡᠯᠡᠳᠬᠡᠯ ᠲᠠᠢ ᠪᠠᠶᠢᠬᠤ ᠬᠡᠷᠡᠭᠲᠡᠢ᠂ ᠵᠢᠯᠣᠭᠤᠳᠤᠯᠭ᠎ᠠ ᠶᠢ ᠲᠠᠭᠠᠬᠤ᠂ ᠴᠢᠩᠭ᠎ᠠ ᠱᠠᠭᠠᠷᠳᠠᠬᠤ ᠴᠢᠩᠭ᠎ᠠ ᠤᠬᠠᠮᠰᠠᠷ ᠲᠠᠢ ᠪᠠᠶᠢᠬᠤ ᠬᠡᠷᠡᠭᠲᠡᠢ᠂ ᠴᠡᠷᠢᠭ ᠢᠶᠠᠨ ᠬᠠᠶᠢᠷᠠᠯᠠᠨ ᠴᠡᠷᠢᠭ ᠤᠨ ᠡᠷᠳᠡᠮ ᠢ ᠰᠤᠷᠬᠤ᠂ ᠡᠷᠳᠡᠮ ᠴᠢᠳᠠᠪᠤᠷᠢ ᠪᠠᠨ ᠳᠡᠭᠡᠭᠰᠢᠯᠡᠭᠦᠯᠬᠦ ᠤᠬᠠᠮᠰᠠᠷᠲᠤ ᠠᠵᠢᠯᠯᠠᠭ᠎ᠠ ᠲᠠᠢ ᠪᠠᠶᠢᠬᠤ ᠬᠡᠷᠡᠭᠲᠡᠢ᠂ ᠴᠡᠷᠢᠭ ᠤᠨ ᠬᠤᠸᠠᠷᠠᠨ ᠳᠤ ᠦᠨᠳᠦᠰᠦᠯᠡᠵᠦ᠂ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠠᠤᠭ᠎ᠠ ᠰᠠᠨᠠᠭ᠎ᠠ ᠡᠷᠡᠯᠬᠡᠭ ᠵᠣᠷᠢᠭ ᠲᠠᠢ ᠪᠠᠶᠢᠵᠤ᠂ ᠰᠢᠨ᠎ᠡ ᠴᠡᠷᠢᠭ ᠤᠨ ᠡᠷᠲᠡᠬᠡᠨ ︿ᠰᠦᠭ ᠰᠦᠨᠡᠰᠦ ᠲᠠᠢ᠂ ᠡᠷᠳᠡᠮ ᠴᠢᠳᠠᠪᠤᠷᠢ ᠲᠠᠢ᠂ ᠣᠮᠤᠭ ᠵᠣᠷᠢᠭ ᠲᠠᠢ᠂ ᠶᠣᠰᠣ ᠮᠣᠷᠠᠯ ᠲᠠᠢ﹀ ᠰᠢᠨ᠎ᠡ ᠨᠢᠭᠡ ᠦᠶ᠎ᠡ ᠶᠢᠨ ᠬᠤᠪᠢᠰᠬᠠᠯᠲᠤ ᠴᠡᠷᠢᠭ ᠪᠣᠯᠬᠤ ᠶᠢ ᠬᠦᠰᠡᠵᠦ ᠪᠠᠶᠢᠨ᠎ᠠ ᠭᠡᠪᠡ᠃
     ᠲᠡᠭᠦᠨ ᠤ ᠲᠠᠷᠠᠭ᠎ᠠ ᠰᠢᠨ᠎ᠡ ᠴᠡᠷᠢᠭ ᠤᠨ ᠭᠡᠷ ᠤᠨ ᠠᠬᠠᠮᠠᠳ ᠤᠨ ᠶᠠᠷᠢᠯᠴᠠᠬᠤ ᠬᠤᠷᠠᠯ ᠳᠡᠭᠡᠷ᠎ᠡ᠂ ᠪᠠᠶᠠᠷ ᠪᠠᠶᠠᠰᠬᠤᠯᠠᠩ ᠲᠠᠢ ᠪᠠᠶᠢᠵᠤ᠂ ᠭᠡᠷ ᠤᠨ ᠠᠬᠠᠮᠠᠳ ᠨᠢᠭᠡ ᠨᠢᠭᠡ ᠪᠠᠷ ᠮᠠᠰᠢ ᠣᠯᠠᠨ ᠠᠰᠠᠭᠤᠳᠠᠯ ᠢ ᠳᠤᠷᠠᠳᠴᠤ᠂ ᠬᠡᠳᠦᠢ ᠤᠳᠠᠪᠠᠯ ᠬᠡᠦᠬᠡᠳ ᠲᠠᠢ ᠪᠠᠨ ᠬᠠᠷᠢᠯᠴᠠᠵᠤ ᠴᠢᠳᠠᠬᠤ ᠪᠣᠢ︖ ᠴᠡᠷᠢᠭ ᠤᠨ ᠬᠤᠸᠠᠷᠠᠨ ᠳᠤ ᠣᠴᠢᠵᠤ ᠪᠣᠯᠭᠤᠭᠠᠨ ᠦᠵᠡᠵᠦ ᠪᠣᠯᠬᠤ ᠤᠤ︖ ᠴᠡᠷᠢᠭ ᠤᠨ ᠠᠯᠪᠠ ᠬᠠᠭᠠᠭᠰᠠᠨ ᠤ ᠳᠠᠷᠠᠭ᠎ᠠ ᠰᠤᠷᠭᠠᠭᠤᠯᠢ ᠳᠠᠭᠠᠨ ᠪᠤᠴᠠᠬᠤ ᠲᠥᠷᠥ ᠶᠢᠨ ᠪᠣᠳᠣᠯᠭ᠎ᠠ ᠨᠢ ᠶᠠᠮᠠᠷ ᠪᠣᠶ︖ ᠡᠳᠡᠭᠡᠷ ᠠᠰᠠᠭᠤᠳᠠᠯ ᠳᠤ ᠴᠢᠭᠯᠡᠭᠦᠯᠦᠨ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠢᠭᠡᠳ ᠨᠢᠭᠡ ᠪᠠᠷ ᠬᠠᠷᠢᠭᠤᠯᠲᠠ ᠥᠭᠭᠦᠭᠰᠡᠨ ᠪᠥᠭᠡᠳ  ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠳᠠᠬᠢᠨᠲᠠ ᠳᠤᠷᠠᠳᠴᠤ᠂ ᠴᠡᠷᠢᠭ ᠤᠨ ᠬᠤᠸᠠᠷᠠᠨ ᠳᠠᠬᠢ ᠰᠢᠨ᠎ᠡ ᠴᠡᠷᠢᠭ ᠤᠨ ᠪᠣᠯᠪᠠᠰᠤᠷᠠᠯ ᠪᠠ ᠠᠮᠢᠳᠤᠷᠠᠯ ᠤᠨ ᠣᠷᠴᠢᠨ ᠲᠣᠭᠤᠷᠢᠨ ᠢ ᠲᠠᠨᠢᠯᠴᠠᠭᠤᠯᠪᠠ᠃ ᠰᠢᠨ᠎ᠡ ᠴᠡᠷᠢᠭ ᠤᠳ ᠴᠡᠷᠢᠭ ᠠᠩᠭᠢ ᠶᠢᠨ ᠠᠮᠢᠳᠤᠷᠠᠯ ᠳᠤ ᠬᠦᠰᠡᠯ ᠡᠷᠡᠮᠡᠯᠵᠡᠯ ᠢᠶᠠᠷ ᠪᠢᠯᠬᠠᠵᠤ᠂ ᠭᠡᠷ ᠤᠨ ᠠᠬᠠᠮᠠᠳ ᠨᠢ ᠴᠦ ᠣᠮᠣᠭᠰᠢᠨ ᠰᠡᠳᠬᠢᠯ ᠠᠮᠤᠷ ᠪᠠᠶᠢᠯ᠎ᠠ᠃
     ︽ᠡᠨᠡ ᠵᠢᠯ ᠤᠨ ᠳᠡᠭᠡᠷ᠎ᠡ ᠬᠠᠭᠠᠰ ᠵᠢᠯ ᠤᠨ ᠴᠡᠷᠢᠭ ᠲᠤ ᠡᠯᠰᠡᠬᠦ ᠳᠤ ᠣᠷᠣᠯᠴᠠᠭᠰᠠᠨ ᠳᠠᠭᠠᠨ ᠪᠢ ᠲᠤᠶᠢᠯ ᠤᠨ ᠢᠷᠠᠭᠤ ᠠᠯᠳᠠᠷ ᠲᠠᠢ ᠰᠠᠨᠠᠭᠳᠠᠵᠤ ᠪᠠᠶᠢᠨ᠎ᠠ᠂ ᠴᠡᠷᠢᠭ ᠠᠩᠭᠢ ᠳᠤ ᠣᠷᠣᠭᠰᠠᠨ ᠤ ᠲᠠᠷᠠᠭ᠎ᠠ ᠪᠢ ᠵᠠᠪᠠᠯ ᠰᠠᠶᠢᠲᠤᠷ ᠠᠵᠢᠯᠯᠠᠵᠤ᠂ ᠬᠠᠲᠠᠭᠤᠵᠢᠯᠲᠠᠢ ᠪᠣᠯᠪᠠᠰᠤᠷᠠᠵᠤ᠂ ᠴᠢᠷᠮᠠᠶᠢᠨ ᠲᠡᠮᠡᠴᠡᠵᠦ᠂ ᠡᠬᠡ ᠣᠷᠣᠨ ᠳᠠᠭᠠᠨ ᠢᠷᠠᠭᠤ ᠠᠯᠳᠠᠷ ᠣᠯᠭᠤᠨ᠎ᠠ︾ ᠭᠡᠵᠦ 21 ᠨᠠᠰᠤᠲᠠᠢ ᠰᠢᠨ᠎ᠡ ᠴᠡᠷᠢᠭ ᠶᠦᠨ ᠴᠢ ᠰᠡᠳᠬᠢᠯ ᠳᠣᠭᠳᠣᠯᠤᠨ ᠬᠡᠯᠡᠪᠡ᠃ ᠬᠠᠵᠠᠭᠤ ᠳᠤᠨᠢ ᠵᠣᠭᠰᠣᠵᠤ ᠪᠠᠶᠢᠭᠰᠠᠨ ᠡᠵᠢ ᠨᠢ ︽ᠢᠷᠠᠭᠤ ᠠᠯᠳᠠᠷᠲᠤ ᠭᠡᠷ ᠪᠦᠯᠢ︾ ᠭᠡᠬᠦ ᠫᠠᠶᠢᠰᠠ ᠡᠷᠭᠦᠵᠦ᠂ ᠣᠮᠣᠭᠰᠢᠯ ᠤᠨ ᠰᠡᠳᠬᠢᠯᠭᠡ ᠪᠠᠨ ᠦᠭᠡ ᠪᠠᠷ ᠢᠯᠡᠳᠬᠡᠨ᠎ᠡ᠃
     ᠲᠣᠭᠲᠠᠬᠤ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠡᠳ᠋ ᠳᠠᠷᠤᠭ᠎ᠠ ᠵᠠᠩ ᠯᠧᠢ ᠶᠢᠨ ᠲᠠᠨᠢᠯᠴᠠᠭᠤᠯᠤᠭᠰᠠᠨ ᠢᠶᠠᠷ᠄ ︽ᠪᠢᠳᠡ ᠲᠤᠰᠬᠠᠶᠢᠯᠠᠨ ᠰᠢᠨ᠎ᠡ ᠴᠡᠷᠢᠭ ᠢ ᠴᠡᠷᠢᠭ ᠲᠤ ᠣᠷᠣᠭᠤᠯᠵᠤ ᠦᠳᠡᠨ ᠮᠣᠷᠳᠠᠭᠤᠯᠬᠤ ᠶᠣᠰᠣᠯᠠᠯ ᠵᠢᠴᠢ ᠰᠢᠨ᠎ᠡ ᠴᠡᠷᠢᠭ ᠤᠨ ᠭᠡᠷ ᠤᠨ ᠠᠬᠠᠮᠠᠳ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠤᠭᠰᠠᠨ ᠤ ᠵᠣᠷᠢᠯᠭ᠎ᠠ ᠪᠣᠯ ᠨᠤᠲᠤᠭ ᠤᠨ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠢᠯᠡᠳᠬᠡᠬᠦ ᠶᠢᠨ ᠲᠥᠯᠥᠭᠡ ᠶᠤᠮ᠂ ᠰᠢᠨ᠎ᠡ ᠴᠡᠷᠢᠭ ᠤᠳ ᠴᠡᠷᠢᠭ ᠤᠨ ᠬᠤᠸᠠᠷᠠᠨ ᠳᠤ ᠣᠷᠣᠭᠰᠠᠨ ᠤ ᠳᠠᠷᠠᠭ᠎ᠠ᠂ ᠵᠠᠷᠯᠢᠭ ᠢ ᠳᠠᠭᠠᠵᠤ᠂ ᠵᠢᠯᠣᠭᠤᠳᠤᠯᠭ᠎ᠠ ᠶᠢ ᠳᠠᠭᠠᠵᠤ᠂ ᠰᠢᠷᠭᠠᠭᠤ ᠪᠣᠯᠪᠠᠰᠤᠷᠠᠵᠤ᠂ ᠴᠢᠷᠮᠠᠶᠢᠨ ᠰᠤᠷᠤᠯᠴᠠᠵᠤ᠂ ᠴᠡᠷᠢᠭ ᠤᠨ ᠬᠤᠸᠠᠷᠠᠨ ᠳᠤ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠪᠠᠷ ᠵᠣᠷᠢᠭ ᠰᠢᠭᠤᠳᠴᠤ᠂ ᠮᠠᠨ ᠤ ᠶᠦᠨ ᠵᠦᠩ ᠬᠥᠪᠡᠭᠦᠳ ᠥᠬᠢᠳ ᠤᠨ ᠡᠷᠲᠡᠬᠡᠨ ᠪᠠᠶᠠᠷ ᠤᠨ ᠴᠢᠮᠡᠭᠡ ᠳᠠᠮᠵᠢᠭᠤᠯᠬᠤ ᠶᠢ ᠴᠢᠩ ᠰᠡᠳᠬᠢᠯ ᠠᠴᠠ ᠪᠠᠨ ᠢᠷᠥᠭᠡᠬᠦ ᠶᠢᠨ ᠲᠥᠯᠥᠭᠡ ᠶᠤᠮ︾ ᠭᠡᠵᠡᠢ᠃      ᠴᠡᠷᠢᠭ ᠲᠤ ᠣᠷᠣᠬᠤ ᠪᠣᠯ ᠨᠢᠭᠡ ᠵᠦᠢᠯ ᠤᠨ ᠡᠷᠬᠢᠮ ᠳᠡᠭᠡᠳᠦ ᠢᠷᠠᠭᠤ ᠠᠯᠳᠠᠷ ᠮᠥᠨ᠂ ᠨᠡᠩ ᠴᠤ ᠡᠬᠡ ᠤᠯᠤᠰ ᠪᠠ ᠠᠷᠠᠳ ᠲᠦᠮᠡᠨ ᠠᠴᠠ ᠳᠠᠭᠠᠭᠠᠯᠭᠠᠭᠰᠠᠨ ᠲᠠᠷᠬᠠᠨ ᠡᠭᠦᠷᠭᠡ ᠮᠥᠨ᠃ ᠲᠣᠭᠲᠠᠬᠤ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ 2023 ᠣᠨ ᠤ ᠳᠡᠭᠡᠷ᠎ᠡ ᠬᠠᠭᠠᠰ ᠵᠢᠯ ᠳᠤ ᠴᠡᠷᠢᠭ ᠡᠯᠰᠡᠬᠦ ᠠᠵᠢᠯ ᠢ ᠥᠷᠨᠢᠭᠦᠯᠦᠭᠰᠡᠨ ᠠᠴᠠ ᠨᠠᠰᠢ᠂ ᠡᠮᠦᠨᠡᠬᠢ ᠬᠤᠭᠤᠴᠠᠭᠠᠨ ᠤ ᠤᠬᠠᠭᠤᠯᠭ᠎ᠠ ᠳᠠᠶᠢᠴᠢᠯᠠᠯᠲᠠ ᠪᠠᠷ ᠲᠠᠮᠵᠢᠨ ᠥᠷᠭᠡᠨ ᠤᠯᠠᠨ ᠵᠣᠬᠢᠬᠤ ᠨᠠᠰᠤᠨ ᠤ ᠵᠠᠯᠠᠭᠤᠴᠤᠳ ᠤᠨ ᠢᠳᠡᠪᠬᠢᠲᠡᠢ ᠬᠦᠷᠢᠶᠡᠯᠡᠯ ᠢ ᠣᠯᠪᠠ᠃ ᠱᠠᠲᠤ ᠱᠠᠲᠤ ᠪᠠᠷ ᠰᠢᠯᠢᠨ ᠰᠣᠩᠭᠤᠭᠰᠠᠨ ᠰᠢᠨ᠎ᠡ ᠴᠡᠷᠢᠭ ᠤᠳ ᠬᠢᠵᠠᠭᠠᠯᠠᠰᠢ ᠦᠭᠡᠢ ᠢᠷᠠᠭᠤ ᠠᠯᠳᠠᠷ ᠪᠣᠯᠣᠨ ᠠᠪᠤ ᠡᠵᠢ ᠶᠢᠨ ᠢᠶᠠᠨ ᠴᠢᠩ ᠰᠡᠳᠬᠢᠯ ᠤᠨ ᠬᠦᠰᠡᠯ ᠡᠷᠡᠮᠡᠯᠵᠡᠯ ᠢ ᠡᠪᠦᠷᠯᠡᠨ ᠴᠡᠷᠢᠭ ᠤᠨ ᠠᠶᠠᠨ ᠳᠠᠭᠠᠨ ᠮᠣᠷᠳᠠᠵᠤ᠂ ᠲᠡᠳᠡᠨ ᠤ ᠴᠡᠷᠢᠭ ᠤᠨ ᠬᠤᠸᠠᠷᠠᠨ ᠳᠠᠭᠠᠨ ᠵᠠᠯᠠᠭᠤ ᠨᠠᠰᠤᠨ ᠤ ᠬᠠᠯᠠᠭᠤᠨ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠰᠢᠨ᠎ᠡ ᠭᠡᠷᠡᠯ ᠰᠠᠴᠤᠷᠠᠩᠭᠤᠢ ᠬᠠᠭᠤᠳᠠᠰᠤ ᠶᠢ ᠪᠢᠴᠢᠭᠯᠡᠬᠦ ᠶᠢ ᠬᠦᠰᠡᠶ᠎ᠡ ᠭᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1