ᠠᠮᠧᠷᠢᠺᠠ ᠶᠢᠨ ᠷᠠᠳᠢᠣ᠋ ᠨᠡᠪᠲᠡᠷᠡᠭᠦᠯᠭᠡ ᠶᠢᠨ ᠺᠣᠮᠫᠠᠨᠢ ᠶᠢᠨ 8 ᠤ ᠡᠳᠦᠷ ᠤᠨ ᠮᠡᠳᠡᠭᠡᠯᠡᠯ ᠢ ᠦᠨᠳᠦᠰᠦᠯᠡᠪᠡᠯ᠂ | ᠠᠮᠧᠷᠢᠺᠠ ᠶᠢᠨ ᠢᠳᠡᠭᠡᠨ ᠪᠠ ᠡᠮ ᠲᠠᠩ ᠤᠨ ᠬᠠᠮᠢᠶᠠᠷᠤᠯᠲᠠ ᠶᠢᠨ ᠲᠣᠪᠴᠢᠶ᠎ᠠ ︵FDA︶ ᠪᠤᠴᠠᠭᠠᠨ ᠠᠪᠴᠢᠷᠠᠬᠤ | ᠮᠡᠳᠡᠭᠳᠡᠯ ᠨᠡᠶᠢᠲᠡᠯᠡᠵᠦ᠂ Pharmedica ᠪᠠ Apotex ᠬᠤᠶᠠᠷ ᠺᠣᠮᠫᠠᠨᠢ ᠶᠢᠨ ᠪᠣᠷᠣᠯᠠᠭᠤᠯᠵᠤ ᠪᠠᠶᠢᠭ᠎ᠠ | ᠬᠡᠰᠡᠭ ᠨᠢᠳᠦᠨ ᠤ ᠡᠮ ᠤᠨ ᠦᠢᠯᠡᠳᠬᠦᠨ ᠳᠤ ᠪᠣᠬᠢᠷᠲᠤᠬᠰᠠᠨ ᠠᠶᠤᠯ ᠣᠷᠣᠰᠢᠵᠤ ᠪᠠᠶᠢᠨ᠎ᠠ᠂ ᠡᠨᠡ ᠨᠢ ᠬᠠᠷᠠᠭᠠᠨ ᠤ | ᠠᠰᠠᠭᠤᠳᠠᠯ ᠡᠭᠦᠰᠭᠡᠬᠦ ᠴᠢᠨᠠᠭᠰᠢᠯᠠᠪᠠᠯ ᠨᠠᠩ ᠬᠦᠨᠳᠦ ᠨᠣᠴᠢᠲᠠᠶ ᠬᠡᠮᠳᠦᠯ ᠤᠴᠠᠷᠠᠭᠤᠯᠵᠤ ᠮᠡᠳᠡᠨ᠎ᠡ ᠭᠡᠵᠡᠶ᠃ | ᠤᠳᠤ ᠡᠮ ᠦᠢᠯᠡᠳᠪᠦᠷᠢᠯᠡᠭᠰᠡᠨ ᠠᠵᠤ ᠠᠬᠤᠶᠢᠯᠠᠯ ᠨᠢ ᠨᠢᠭᠡᠨᠲᠡ ᠪᠤᠴᠠᠭᠠᠨ ᠠᠪᠴᠢᠷᠠᠬᠤ ᠠᠷᠭ᠎ᠠ ᠬᠡᠮᠵᠢᠶ᠎ᠡ | ᠠᠪᠴᠠᠶ᠃ ᠡᠨᠡ ᠬᠤᠶᠠᠷ ᠺᠣᠮᠫᠠᠨᠢ ᠢᠯᠡᠷᠬᠡᠶᠢᠯᠡᠬᠦ ᠳᠡᠭᠡᠨ᠂ ᠠᠮᠧᠷᠢᠺᠠ ᠶᠢᠨ ᠡᠮ ᠤᠨ ᠬᠠᠮᠢᠶᠠᠷᠤᠯᠲᠠ ᠶᠢᠨ | ᠲᠣᠪᠴᠢᠶ᠎ᠠ ᠲᠠᠢ ᠵᠥᠪᠳᠡᠯᠴᠡᠭᠰᠡᠨ ᠤ ᠳᠠᠷᠠᠭ᠎ᠠ᠂ ᠰᠠᠶᠢᠨ ᠳᠤᠷ᠎ᠠ ᠠᠴᠠ ᠪᠠᠨ ᠬᠤᠯᠪᠣᠭᠳᠠᠯ ᠪᠥᠬᠦᠶ ᠬᠡᠳᠦᠨ ᠪᠦᠯᠦᠭ | ᠦᠢᠯᠡᠳᠬᠦᠨ ᠢ ᠵᠠᠬ᠎ᠠ ᠳᠡᠯᠭᠡᠭᠦᠷ ᠠᠴᠠ ᠭᠠᠷᠭᠠᠨ᠎ᠠ ᠭᠡᠪᠡ᠃ | ᠡᠨᠡ ᠵᠢᠯ ᠤᠨ 2 ᠰᠠᠷ᠎ᠠ ᠳᠤ᠂ ᠡᠨᠡᠳᠬᠡᠭ ᠤᠨ ᠨᠢᠭᠡ ᠵᠦᠢᠯ ᠤᠨ ᠨᠢᠳᠦᠨ ᠤ ᠡᠮ ᠢ ᠠᠮᠧᠷᠢᠺᠠ ᠶᠢᠨ ᠵᠠᠬ᠎ᠠ | ᠳᠡᠯᠭᠡᠭᠦᠷ ᠠᠴᠠ ᠪᠤᠴᠠᠭᠠᠨ ᠠᠪᠴᠢᠷᠠᠪᠠ᠂ ᠲᠣᠰ ᠦᠢᠯᠡᠳᠬᠦᠨ ᠠᠴᠠ ᠪᠣᠯᠵᠣ ᠨᠠᠭᠠᠳᠤ ᠵᠠᠬ᠎ᠠ ᠳᠠᠭᠠᠨ ᠠᠮᠧᠷᠢᠺᠠ ᠶᠢᠨ | 5 ᠡᠪᠡᠳᠴᠢᠲᠡᠨ ᠬᠠᠷᠠᠭ᠎ᠠ ᠪᠠᠨ ᠠᠯᠳᠠᠵᠤ᠂ ᠸᠠᠰᠢᠩᠲ᠋ᠣᠨ ᠵᠧᠤ ᠶᠢᠨ ᠨᠢᠭᠡ ᠡᠪᠡᠳᠴᠢᠲᠡᠨ ᠴᠢᠰᠦᠨ ᠳᠤᠨᠢ | ᠬᠠᠯᠳᠠᠪᠤᠷᠢᠯᠠᠭᠰᠠᠨ ᠠᠴᠠ ᠪᠣᠯᠵᠣ ᠥᠭᠦᠭᠰᠡᠨ ᠪᠠᠶᠢᠨ᠎ᠠ᠃ | |