ᠲᠣᠭᠲᠠᠬᠤ ᠰᠢᠶᠠᠨ᠄ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠠᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2023/3/2
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠮᠠᠨ ᠤ ᠰᠢᠶᠠᠨ ᠳᠤ ᠦᠨᠳᠦᠰᠦᠯᠡᠭᠦᠯᠦᠨ ᠴᠡᠴᠡᠭᠯᠡᠭᠦᠯᠦᠨ ᠵᠢᠮᠢᠰᠯᠡᠭᠦᠯᠬᠦ ᠶᠢ ᠠᠬᠢᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠮᠠᠨ ᠤ ᠰᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠢ ᠵᠣᠬᠢᠶᠠᠨ ᠪᠠᠶᠢᠭᠤᠯᠵᠤ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ᠂ ᠰᠤᠷᠭᠠᠭᠤᠯᠢ ᠶᠢᠨ ᠬᠦᠷᠢᠶ᠎ᠡ᠂ ᠴᠡᠷᠢᠭ ᠤᠨ ᠬᠤᠸᠠᠷᠠᠨ᠂ ᠡᠯ᠎ᠡ ᠲᠦᠷᠦᠯ ᠤᠨ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠭᠦᠨᠵᠡᠭᠡᠶᠢᠷᠡᠨ ᠤᠯᠠᠨ ᠲᠠᠯᠠᠪᠤᠷ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠡᠢ᠃
     ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠦᠷᠢᠯᠠᠵᠦ ᠪᠠᠶᠢᠭ᠎ᠠ ᠨᠢ      ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ᠂ ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠨᠠᠷ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠭᠰᠡᠨ ᠪᠠ ᠵᠠᠳᠠᠯᠤᠨ ᠲᠠᠶᠢᠯᠪᠤᠷᠢᠯᠠᠭᠰᠠᠨ ᠪᠠᠶᠢᠨ᠎ᠠ᠃ ᠬᠤᠷᠠᠯ ᠳᠤ ᠣᠷᠣᠯᠴᠠᠭᠰᠠᠳ ᠨᠠᠷᠢᠨ ᠬᠢᠨᠠᠮᠠᠭᠠᠢ ᠰᠣᠨᠣᠰᠴᠤ᠂ ᠨᠠᠷᠢᠨ ᠬᠢᠨᠠᠮᠠᠭᠠᠢ ᠲᠡᠮᠳᠡᠭᠯᠡᠵᠦ᠂ ᠤᠯᠠᠨ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠭᠡᠬᠦ ᠡᠨᠡᠬᠦ ᠭᠤᠣᠯ ᠰᠢᠵᠢᠮ ᠤᠨ ᠲᠣᠭᠤᠷᠢᠨ ᠳᠤ᠂ ᠤᠯᠤᠰ ᠲᠥᠷᠥᠴᠢ ᠴᠢᠨᠠᠷ ᠢ ᠡᠵᠡᠮᠰᠢᠬᠦ᠂ ᠲᠡᠷᠢᠭᠦᠨ ᠤ ᠴᠢᠨᠠᠷ ᠢ ᠢᠯᠡᠷᠡᠭᠦᠯᠬᠦ᠂ ᠤᠯᠠᠨ ᠲᠦᠮᠡᠨᠴᠢ ᠴᠢᠨᠠᠷ ᠢ ᠴᠢᠬᠤᠯᠠᠴᠢᠯᠠᠬᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠣᠨᠴᠠᠯᠢᠭ ᠢ ᠢᠯᠡᠷᠡᠭᠦᠯᠬᠦ ᠠᠯᠢ ᠤᠯᠠᠨ ᠠᠵᠢᠯᠯᠠᠭ᠎ᠠ ᠶᠢ ᠰᠦᠪᠡᠭᠴᠢᠯᠡᠨ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ᠃
     ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠲᠠ ᠬᠥᠳᠡᠭᠡ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠦᠷᠢᠯᠠᠵᠦ ᠪᠠᠶᠢᠭ᠎ᠠ ᠨᠢ      ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠨᠠᠷ ᠬᠤᠲᠠ ᠬᠥᠳᠡᠭᠡ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠳᠠᠷᠠᠭ᠎ᠠ᠂ ᠣᠯᠠᠨ ᠢᠶᠠᠷ ᠢᠶᠠᠨ ᠶᠡᠬᠡᠳᠡ ᠰᠡᠩᠬᠡᠷᠡᠭᠦᠯᠦᠯ ᠣᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠬᠤ ᠬᠡᠷᠡᠭᠲᠡᠢ ᠭᠡᠵᠦ ᠬᠤᠶᠢᠨ᠎ᠠ ᠬᠤᠶᠢᠨ᠎ᠠ ᠠᠴᠠ ᠪᠠᠨ ᠢᠯᠡᠷᠬᠡᠶᠢᠯᠡᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠠᠵᠤ ᠠᠬᠤᠶᠢᠯᠠᠯ ᠤᠨ ᠬᠥᠭᠵᠢᠯᠲᠡ ᠳᠤ ᠨᠡᠩ ᠰᠠᠶᠢᠲᠤᠷ ᠠᠭᠤᠰᠬᠠᠨ ᠣᠷᠣᠭᠤᠯᠵᠤ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠲᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠴᠠᠭ ᠦᠶ᠎ᠡ ᠶᠢᠨ ᠬᠦᠨᠳᠦ ᠡᠭᠦᠷᠭᠡ ᠶᠢ ᠦᠨᠡᠨ ᠬᠦ ᠡᠭᠦᠷᠭᠡᠯᠡᠨ᠎ᠡ ᠭᠡᠵᠡᠢ᠃
     ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠱᠤᠸᠠᠩ ᠾᠧ ᠨᠡᠶᠢᠭᠡᠮ ᠲᠣᠭᠤᠷᠢᠭ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠦᠷᠢᠯᠠᠵᠦ ᠪᠠᠶᠢᠭ᠎ᠠ ᠨᠢ      ᠱᠤᠸᠠᠩ ᠾᠧ ᠪᠠᠯᠭᠠᠰᠤ ᠶᠢᠨ ᠱᠤᠸᠠᠩ ᠾᠧ ᠨᠡᠶᠢᠭᠡᠮ ᠲᠣᠭᠤᠷᠢᠭ ᠲᠤ᠂ ᠨᠡᠶᠢᠭᠡᠮ ᠲᠣᠭᠤᠷᠢᠭ ᠤᠨ ᠺᠠᠳ᠋ᠷ ᠤᠯᠠᠨ ᠲᠦᠮᠡᠨ ᠳᠤ ᠬᠠᠨᠳᠤᠭᠤᠯᠤᠭᠰᠠᠨ ᠨᠢᠭᠡ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠬᠦᠷ ᠬᠥᠭᠵᠢᠶᠡᠨ ᠲᠠᠢ ᠶᠠᠪᠤᠭᠳᠠᠪᠠ᠃ ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠨᠠᠷ ︽ᠬᠤᠶᠠᠷ ᠢ ᠲᠤᠭᠳᠠᠭᠠᠭᠰᠠᠨ︾ ᠢ ᠡᠷᠡᠰ ᠪᠠᠲᠤ ᠤᠬᠠᠮᠰᠠᠷ ᠠᠴᠠ ᠪᠠᠨ ᠬᠦᠷᠢᠶᠡᠯᠡᠬᠦ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠬᠦ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠱᠤᠸᠠᠩ ᠾᠧ ᠪᠠᠯᠭᠠᠰᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠵᠡᠷᠭᠡ ᠬᠡᠳᠦᠨ ᠲᠠᠯ᠎ᠠ ᠪᠠᠷ ᠭᠤᠣᠯᠳᠠᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠲᠠᠷᠠᠭ᠎ᠠ᠂ ᠤᠯᠠᠨ ᠢᠶᠠᠷ ᠢᠶᠠᠨ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠲᠠᠢ ᠪᠠᠨ ᠤᠶᠠᠯᠳᠤᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠣᠶᠢᠯᠠᠭᠠᠬᠤ ᠪᠠ ᠡᠵᠡᠮᠳᠡᠬᠦ ᠪᠠᠨ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ ᠤᠨ ᠠᠵᠢᠯ ᠤᠨ ᠬᠠᠷᠠᠯᠲᠠ ᠪᠠ ᠰᠡᠳᠬᠢᠴᠡ ᠶᠢ ᠲᠣᠳᠣᠷᠬᠠᠶᠢᠯᠠᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨᠬᠦ ᠨᠡᠶᠢᠭᠡᠮ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠭᠦ ᠬᠦᠴᠦᠨ ᠪᠠ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ᠃
     ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠰᠢ ᠶᠦᠨ ᠱᠧᠦ ᠲᠣᠰᠬᠤᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠦᠷᠢᠯᠠᠵᠦ ᠪᠠᠶᠢᠭ᠎ᠠ ᠨᠢ      ᠭᠦ᠋ ᠴᠧᠩ ᠪᠠᠯᠭᠠᠰᠤ ᠶᠢᠨ ᠰᠢ ᠶᠦᠨ ᠱᠧᠦ ᠲᠣᠰᠬᠤᠨ ᠳᠤ᠂ ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ︽ᠥᠴᠥᠬᠡᠨ ᠴᠦ ᠵᠠᠶᠢᠲᠠᠢ ᠪᠠᠶᠢᠬᠤ︾᠂ ︽ᠨᠢᠭᠤᠷᠳᠠᠬᠤ︾ ᠬᠡᠯᠪᠡᠷᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠨᠠᠷ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠵᠡᠷᠭᠡ ᠦᠨᠳᠦᠰᠦᠨ ᠱᠠᠲᠤᠨ ᠤ ᠰᠤᠷᠲᠠᠯ ᠤᠬᠠᠭᠤᠯᠭ᠎ᠠ ᠰᠣᠶᠣᠯ ᠤᠨ ᠵᠢᠭᠰᠠᠭᠠᠯ ᠤᠨ ᠭᠠᠵᠠᠷ ᠢ ᠭᠦᠢᠴᠡᠳ ᠠᠰᠢᠭᠯᠠᠵᠤ᠂ ᠰᠤᠯᠠ ᠰᠡᠯᠡᠭᠦᠦ ᠴᠠᠭ ᠢ ᠠᠰᠢᠭᠯᠠᠵᠤ᠂ ᠤᠯᠠᠨ ᠲᠦᠮᠡᠨ ᠲᠠᠢ ᠣᠶᠢᠷᠠᠲᠤᠭᠰᠠᠨ ᠦᠭᠡ ᠶᠠᠷᠢᠶ᠎ᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠣᠳᠣᠷᠬᠠᠢ ᠶᠠᠷᠢᠵᠤ ᠲᠣᠳᠣᠷᠬᠠᠢ ᠶᠠᠷᠢᠵᠤ ᠥᠭᠴᠡᠢ᠃ ᠤᠬᠠᠭᠤᠯᠤᠨ ᠲᠠᠶᠢᠯᠪᠤᠷᠢᠯᠠᠬᠤ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠲᠣᠰᠬᠤᠨ ᠤ ᠠᠷᠠᠳ ᠠᠮᠢᠳᠤᠯᠢᠭ ᠦᠯᠢᠭᠡᠷ᠂ ᠠᠮᠢᠳᠤᠯᠢᠭ ᠰᠠᠶᠢᠬᠠᠨ ᠦᠭᠡ ᠶᠠᠷᠢᠶ᠎ᠠ ᠳᠤ ᠰᠡᠳᠬᠢᠯ ᠬᠥᠳᠡᠯᠵᠦ᠂ ᠨᠠᠮ ᠤᠨ ᠲᠠᠭᠤᠨ ᠢ ᠦᠨᠡᠨᠬᠦ ᠤᠯᠠᠨ ᠲᠦᠮᠡᠨ ᠤ ᠳᠤᠮᠳᠠ ᠳᠠᠮᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠥᠳᠡᠯᠭᠡᠭᠦ ᠬᠦᠴᠦᠨ ᠪᠣᠯᠭᠠᠨ ᠬᠤᠪᠢᠷᠠᠭᠤᠯᠵᠠᠢ᠃
     ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠲᠣᠭᠲᠠᠬᠤ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠦᠷᠢᠯᠠᠵᠦ ᠪᠠᠶᠢᠭ᠎ᠠ ᠨᠢ      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠭᠠᠭᠤᠯᠢ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠤᠯᠠᠮ ᠴᠢᠨᠠᠭᠰᠢᠳᠠ ᠠᠬᠢᠭᠤᠯᠬᠤ ᠶᠢᠨ ᠲᠥᠯᠥᠭᠡ᠂ ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠨᠠᠷ ᠲᠣᠭᠲᠠᠬᠤ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠲᠡᠦᠬᠡᠨ ᠪᠠᠶᠢᠷᠢ ᠰᠠᠭᠤᠷᠢ ᠪᠣᠯᠣᠨ ᠴᠢᠬᠤᠯᠠ ᠶᠡᠭᠡ ᠠᠴᠢ ᠬᠤᠯᠪᠣᠭᠳᠠᠯ ᠤᠨ ᠲᠤᠬᠠᠢ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ᠰᠤᠷᠭᠠᠨ ᠬᠥᠮᠦᠵᠢᠯ ᠤᠨ ᠲᠤᠬᠠᠢ ᠠᠭᠤᠯᠭ᠎ᠠ ᠶᠢᠨ ᠲᠤᠬᠠᠢ ᠨᠠᠷᠢᠨ ᠲᠠᠶᠢᠯᠪᠤᠷᠢᠯᠠᠯᠲᠠ ᠬᠢᠵᠡᠢ᠃ ᠰᠤᠷᠭᠠᠭᠤᠯᠢ ᠶᠢᠨ ᠪᠠᠭᠰᠢ ᠠᠵᠢᠯᠲᠠᠨ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠲᠠᠷᠠᠭ᠎ᠠ ᠶᠡᠬᠡᠳᠡ ᠵᠣᠷᠢᠭᠵᠢᠵᠤ᠂ ᠪᠦᠬᠦ ᠲᠠᠯ᠎ᠠ ᠪᠠᠷ ᠰᠤᠷᠤᠯᠴᠠᠬᠤ᠂ ᠪᠦᠬᠦ ᠲᠠᠯ᠎ᠠ ᠪᠠᠷ ᠡᠵᠡᠮᠳᠡᠬᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠵᠤ᠂ ︽ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ︾ ᠦᠨᠳᠦᠰᠦᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠨᠠᠮ ᠤᠨ ᠲᠥᠯᠥᠭᠡ ᠬᠥᠮᠥᠨ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ︾ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃
    ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠦᠷᠢᠯᠠᠵᠦ ᠪᠠᠶᠢᠭ᠎ᠠ ᠨᠢ      ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠨᠠᠷ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠣᠶᠢᠯᠠᠭᠠᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠭᠤᠣᠯ ᠠᠭᠤᠯᠭ᠎ᠠ ᠶᠢ ᠡᠵᠡᠮᠰᠢᠬᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠴᠢᠩᠭᠠᠳᠬᠠᠬᠤ ᠵᠡᠷᠭᠡ ᠭᠤᠷᠪᠠᠨ ᠲᠠᠯ᠎ᠠ ᠪᠠᠷ ᠭᠤᠣᠯᠳᠠᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠣᠳᠣᠷᠬᠠᠶᠢᠯᠠᠨ ᠲᠠᠶᠢᠯᠪᠤᠷᠢᠯᠠᠭᠰᠠᠨ ᠪᠠᠶᠢᠨ᠎ᠠ᠃ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠶᠢᠨ ᠳᠠᠷᠤᠭ᠎ᠠ ᠪᠠᠶᠢᠯᠳᠤᠭᠴᠢᠳ᠂ ᠤᠬᠠᠭᠤᠯᠤᠨ ᠲᠠᠶᠢᠯᠪᠤᠷᠢᠯᠠᠬᠤ ᠶᠢ ᠰᠣᠨᠣᠰᠬᠤ ᠪᠠᠷ ᠳᠠᠮᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠲᠤᠬᠠᠢ ᠣᠶᠢᠯᠠᠭᠠᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠣᠨ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠠᠢ ᠭᠡᠵᠦ ᠢᠯᠡᠳᠬᠡᠪᠡ᠃ ᠳᠠᠷᠠᠭᠠᠴᠢ ᠶᠢᠨ ᠠᠯᠬᠤᠮ ᠳᠤ᠂ ᠳᠤᠮᠳᠠ ᠠᠩᠭᠢ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠵᠢᠯᠣᠭᠤᠳᠤᠯᠭ᠎ᠠ ᠳᠣᠣᠷ᠎ᠠ᠂ ᠰᠦᠭ ᠰᠦᠨᠡᠰᠦ ᠶᠢ ᠱᠤᠭᠤᠵᠤ ᠡᠷᠴᠢ ᠵᠣᠷᠢᠭ ᠢ ᠬᠥᠪᠴᠢᠯᠡᠬᠦ ᠶᠢ ᠴᠢᠩᠭᠠᠳᠬᠠᠵᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠷᠢᠭ ᠠᠩᠭᠢ ᠶᠢᠨ ᠵᠣᠷᠢᠯᠲᠠ ᠶᠢ ᠪᠠᠲᠤ ᠴᠡᠭᠡᠵᠢᠯᠡᠵᠦ᠂ ᠴᠡᠷᠢᠭ ᠤᠨ ᠬᠦᠴᠦᠨ ᠢ ᠰᠢᠯᠢᠳᠡᠭᠴᠢᠯᠡᠵᠦ ᠴᠢᠳᠠᠪᠤᠷᠢ ᠶᠢ ᠬᠦᠴᠦᠷᠬᠡᠭᠵᠢᠭᠦᠯᠬᠦ᠂ ᠲᠣᠭᠲᠠᠭᠤᠨ ᠢ ᠬᠠᠮᠠᠭᠠᠯᠠᠵᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠵᠡᠷᠭᠡ ᠲᠠᠯ᠎ᠠ ᠪᠠᠷ ᠬᠦᠴᠦ ᠣᠷᠣᠭᠤᠯᠵᠤ᠂ ᠠᠮᠤᠷ ᠠᠮᠤᠭᠤᠯᠠᠩ ᠲᠣᠭᠲᠠᠬᠤ  ᠶᠢ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ ᠭᠡᠵᠦ ᠵᠢᠭᠠᠵᠤ ᠭᠠᠷᠭᠠᠪᠠ᠃
     ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠶᠢᠨ ᠾᠧ ᠠᠮᠢᠳᠤ ᠪᠣᠳᠠᠰ ᠤᠨ ᠺᠣᠮᠫᠠᠨᠢ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠦᠷᠢᠯᠠᠵᠦ ᠪᠠᠶᠢᠭ᠎ᠠ ᠨᠢ      ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠨᠠᠷ ᠶᠢᠨ ᠾᠧ ᠠᠮᠢᠳᠤ ᠪᠣᠳᠠᠰ ᠤᠨ ᠺᠣᠮᠫᠠᠨᠢ ᠵᠡᠷᠭᠡ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠬᠤ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠭᠤᠣᠯ ᠰᠡᠳᠦᠪ ᠲᠠᠢ ᠨᠢᠭᠲᠠ ᠤᠶᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠵᠣᠷᠢᠭ ᠰᠠᠨᠠᠭᠠᠨ ᠤ ᠮᠥᠨ ᠴᠢᠨᠠᠷ ᠪᠣᠯᠣᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠪᠦᠬᠦ ᠲᠠᠯ᠎ᠠ ᠪᠠᠷ ᠲᠠᠶᠢᠯᠪᠤᠷᠢᠯᠠᠪᠠ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠲᠠᠷᠠᠭ᠎ᠠ᠂ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠪᠣᠳᠠᠲᠠᠢ ᠠᠵᠢᠯᠯᠠᠬᠤ ᠳᠤᠮᠳᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠨᠡᠩ ᠣᠷᠭᠢᠯᠤᠮ᠎ᠠ ᠬᠠᠯᠠᠭᠤᠨ ᠠᠵᠢᠯ ᠤᠨ ᠬᠠᠯᠠᠭᠤᠨ ᠰᠡᠳᠬᠢᠯᠭᠡ ᠪᠠᠷ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ᠂ ᠦᠢᠯᠡᠳᠪᠦᠷᠢᠯᠡᠯ ᠡᠵᠡᠩᠨᠡᠯᠲᠡ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠦᠨ᠎ᠡ ᠭᠡᠵᠦ ᠢᠯᠡᠳᠬᠡᠪᠡ᠃      ᠳᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠪᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ︽ᠳᠠᠭᠤᠨ︾ ᠬᠥᠮᠥᠰ ᠤᠨ ᠰᠡᠳᠬᠢᠯ ᠳᠤ ᠬᠠᠳᠠᠩᠰᠢᠬᠤ ᠶᠢ  ᠠᠬᠢᠭᠤᠯᠤᠨ᠎ᠠ᠃      
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1