ᠲᠣᠭᠲᠠᠬᠤ ᠴᠠᠬᠢᠯᠭᠠᠨ ᠦᠢᠯᠡᠳᠪᠦᠷᠢ ᠶᠢᠨ ᠺᠣᠮᠫᠠᠨᠢ᠄ ᠬᠤᠶᠠᠷ ᠬᠤᠷᠠᠯ ᠤᠨ ᠬᠤᠭᠤᠴᠠᠭᠠᠨ ᠳᠤ ᠴᠠᠬᠢᠯᠭᠠᠨ ᠤ ᠪᠠᠳᠤᠯᠠᠭ᠎ᠠ ᠳᠤ ᠪᠡᠯᠡᠬᠡᠨ ᠪᠤᠯᠤᠯ᠎ᠠ
ᠨᠡᠶᠢᠲᠡᠯᠡᠭᠰᠡᠨ ᠴᠠᠭ᠄
2023/3/2
      ᠬᠤᠶᠠᠷ ᠬᠤᠷᠠᠯ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠢ ᠪᠠᠲᠤᠯᠠᠬᠤ ᠶᠢᠨ ᠲᠥᠯᠥᠭᠡ᠂ ᠲᠣᠭᠲᠠᠬᠤ ᠴᠠᠬᠢᠯᠭᠠᠨ ᠦᠢᠯᠡᠳᠪᠦᠷᠢ ᠶᠢᠨ ᠺᠣᠮᠫᠠᠨᠢ ᠶᠢᠨ ᠬᠢᠨ ᠨᠠᠷᠢᠨ ᠨᠢᠮᠪᠠᠢ ᠲᠥᠯᠥᠪᠵᠢᠭᠦᠯᠵᠦ᠂ ᠤᠷᠢᠳᠴᠢᠯᠠᠨ ᠪᠡᠯᠡᠳᠬᠡᠵᠦ᠂ ᠠᠶᠤᠯᠭᠦᠢ ᠦᠢᠯᠡᠳᠪᠦᠷᠢᠯᠡᠯ᠂ ᠴᠢᠬᠤᠯᠠ ᠶᠡᠭᠡ ᠮᠡᠷᠭᠡᠵᠢᠯ ᠤᠨ ᠥᠭᠡᠷᠡᠴᠢᠯᠡᠯᠲᠡ᠂ ᠨᠡᠭᠦᠷᠡᠰᠦ ᠰᠢᠲᠠᠭᠠᠬᠤ ᠪᠠᠲᠤᠯᠠᠭ᠎ᠠ᠂ ᠭᠠᠯ ᠤᠨᠲᠠᠷᠠᠭᠠᠬᠤ ᠵᠠᠮ ᠬᠠᠷᠢᠯᠴᠠᠭ᠎ᠠ᠂ ᠴᠠᠬᠢᠯᠭᠠᠨ ᠬᠦᠴᠦᠨ ᠤ ᠬᠠᠩᠭᠠᠯᠭ᠎ᠠ ᠶᠢᠨ ᠪᠠᠲᠤᠯᠠᠭ᠎ᠠ ᠵᠡᠷᠭᠡ ᠲᠠᠯ᠎ᠠ ᠪᠠᠷ ᠬᠦᠴᠦᠲᠡᠢ ᠠᠷᠭ᠎ᠠ ᠬᠡᠮᠵᠢᠶ᠎ᠡ ᠠᠪᠴᠤ᠂ ᠡᠯ᠎ᠡ ᠵᠦᠢᠯ ᠤᠨ ᠴᠠᠬᠢᠯᠭᠠᠨ ᠢ ᠪᠠᠲᠤᠯᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠬᠤᠶᠠᠷ ᠬᠤᠷᠠᠯ ᠤᠨ ᠴᠠᠬᠢᠯᠭᠠᠨ ᠢ ᠪᠠᠲᠤᠯᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ ᠪᠠᠬᠢᠵᠢᠭᠦᠯᠪᠡ᠃
     ᠪᠥᠬᠦ ᠤᠯᠤᠰ ᠤᠨ ᠬᠤᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠦᠶ᠎ᠡ ᠳᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠠᠮᠤᠨ ᠪᠦᠯᠦᠭᠯᠡᠯ ᠺᠣᠮᠫᠠᠨᠢ ᠪᠣᠯᠣᠨ ᠳ᠋ᠠ ᠲᠠᠩ ᠣᠯᠠᠨ ᠤᠯᠤᠰ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ︽1+12+2︾ ᠴᠠᠬᠢᠯᠭᠠᠨ ᠢ ᠪᠠᠲᠤᠯᠠᠬᠤ ᠠᠵᠢᠯ ᠤᠨ ᠲᠥᠰᠥᠯ ᠲᠣᠭᠲᠠᠭᠠᠵᠤ᠂ 66 ᠵᠦᠢᠯ ᠤᠨ ᠪᠣᠳᠠᠲᠠᠢ ᠡᠭᠦᠷᠭᠡ ᠶᠢ ᠨᠠᠷᠢᠯᠢᠭᠵᠢᠭᠤᠯᠤᠨ᠂ ᠡᠯ᠎ᠡ ᠵᠦᠢᠯ ᠤᠨ ᠠᠵᠢᠯ ᠢ ᠴᠠᠭ ᠤᠨ ᠲᠥᠯᠥᠪᠯᠡᠭᠡ ᠶᠣᠰᠣᠭᠠᠷ ᠲᠣᠭᠲᠠᠭᠤᠨ ᠢᠶᠠᠷ ᠠᠬᠢᠭᠤᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠴᠠᠬᠢᠯᠭᠠᠨ ᠢ ᠪᠠᠲᠤᠯᠠᠬᠤ ᠪᠠᠶᠢᠴᠠᠭᠠᠯᠲᠠ ᠶᠢ ᠤᠭᠲᠤᠬᠤ ᠶᠠᠪᠤᠴᠠ ᠳᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠠᠮᠤᠨ ᠪᠠᠶᠢᠴᠠᠭᠠᠯᠲᠠ ᠶᠢ ᠤᠭᠲᠤᠬᠤ ᠮᠡᠳᠡᠭᠦᠯᠦᠯᠲᠡ ᠶᠢᠨ ᠮᠠᠲ᠋ᠧᠷᠢᠶᠠᠯ ᠢ ᠢᠳᠡᠪᠬᠢᠲᠡᠢ ᠪᠡᠯᠡᠳᠬᠡᠵᠦ᠂ ᠪᠠᠶᠢᠴᠠᠭᠠᠯᠲᠠ ᠶᠢ ᠤᠭᠲᠤᠬᠤ ᠲᠥᠰᠥᠯ ᠲᠣᠭᠲᠠᠭᠠᠵᠤ᠂ ᠪᠦᠯᠦᠭᠯᠡᠯ ᠤᠨ ᠬᠢᠨᠠᠨ ᠵᠢᠯᠤᠭᠤᠳᠬᠤ ᠳᠤᠭᠤᠶᠢᠯᠠᠩ ᠤᠨ ᠲᠤᠰᠬᠠᠢ ᠮᠡᠷᠭᠡᠵᠢᠯᠲᠡᠨ ᠲᠠᠢ ᠬᠠᠮᠵᠢᠯᠴᠠᠨ 11 ᠳ᠋ᠤᠭᠡᠷ ᠨᠣᠮᠧᠷᠲᠤ ᠮᠠᠰᠢᠨ ᠤ B ᠳᠡᠰ ᠤᠨ ᠪᠠᠶᠢᠴᠠᠭᠠᠨ ᠵᠠᠰᠠᠬᠤ᠂ ᠭᠤᠷᠪᠠᠳᠤᠭᠠᠷ ᠨᠡᠭᠦᠷᠡᠰᠦᠨ ᠲᠠᠯᠠᠪᠠᠢ ᠶᠢ ᠪᠢᠲᠡᠭᠦᠮᠵᠢᠯᠡᠨ ᠥᠭᠡᠷᠡᠴᠢᠯᠡᠬᠦ ᠵᠡᠷᠭᠡ ᠴᠠᠬᠢᠯᠭᠠᠨ ᠢ ᠪᠠᠲᠤᠯᠠᠬᠤ ᠭᠤᠣᠯᠳᠠᠯᠭ᠎ᠠ ᠲᠠᠢ ᠪᠠᠷᠢᠯᠭ᠎ᠠ ᠶᠢᠨ ᠲᠦᠷᠦᠯ ᠵᠦᠢᠯ ᠳᠤ ᠪᠠᠶᠢᠴᠠᠭᠠᠯᠲᠠ ᠬᠢᠬᠦ ᠶᠢᠨ ᠬᠠᠮᠲᠤ ᠨᠠᠷᠢᠨ ᠬᠢᠨᠠᠮᠠᠭᠠᠢ ᠴᠡᠭᠴᠡᠯᠡᠨ ᠰᠠᠶᠢᠵᠢᠷᠠᠭᠤᠯᠪᠠ︔ ᠳᠦᠷᠢᠮ ᠠᠴᠠ ᠵᠥᠷᠢᠴᠡᠭᠰᠡᠨ ᠠᠰᠠᠭᠤᠳᠠᠯ ᠳᠤ ᠴᠢᠭᠯᠡᠭᠦᠯᠦᠨ᠂ ᠳᠦᠷᠢᠮ ᠠᠴᠠ ᠵᠥᠷᠢᠴᠡᠭᠰᠡᠨ ᠵᠠᠳᠠᠯᠤᠯᠲᠠ ᠬᠢᠵᠦ᠂ ᠲᠤᠰᠢᠶᠠᠯ ᠬᠠᠷᠢᠭᠤᠴᠠᠯᠭ᠎ᠠ ᠪᠠᠨ ᠦᠯᠦ ᠭᠦᠢᠴᠡᠳᠬᠡᠬᠦ ᠪᠤᠶᠤ ᠳᠦᠷᠢᠮ ᠠᠴᠠ ᠵᠥᠷᠢᠴᠡᠨ ᠵᠢᠯᠤᠭᠤᠳᠬᠤ ᠵᠡᠷᠭᠡ ᠬᠠᠮᠢᠶᠠᠷᠤᠯᠲᠠ ᠶᠢᠨ ᠴᠢᠨᠠᠷᠲᠠᠢ ᠠᠰᠠᠭᠤᠳᠠᠯ ᠢ ᠴᠢᠩᠭ᠎ᠠ ᠠᠳᠬᠤᠵᠤ᠂ ᠠᠵᠢᠯ ᠢ ᠵᠣᠬᠢᠶᠠᠨ ᠪᠠᠶᠢᠭᠤᠯᠬᠤ᠂ ᠬᠢᠨᠠᠨ ᠵᠥᠪᠰᠢᠶᠡᠷᠡᠬᠦ ᠠᠵᠢᠯᠲᠠᠨ ᠤ ᠬᠠᠷᠢᠭᠤᠴᠠᠯᠭ᠎ᠠ ᠶᠢᠨ ᠬᠢᠨᠠᠨ ᠰᠢᠯᠭᠠᠯᠲᠠ ᠶᠢ ᠨᠠᠶᠢᠳᠠᠪᠤᠷᠢᠵᠢᠭᠤᠯᠤᠨ᠂ ᠬᠠᠮᠤᠭ ᠤᠨ ᠳᠡᠭᠡᠳᠦ ᠵᠣᠭᠰᠣᠴᠠ᠂ ᠬᠠᠮᠤᠭ ᠤᠨ ᠴᠢᠩᠭ᠎ᠠ ᠱᠠᠭᠠᠷᠳᠠᠯᠭ᠎ᠠ᠂ ᠬᠠᠮᠤᠭ ᠤᠨ ᠪᠣᠳᠠᠲᠠᠢ ᠠᠷᠭ᠎ᠠ ᠬᠡᠮᠵᠢᠶ᠎ᠡ ᠪᠠᠷ ᠺᠣᠮᠫᠠᠨᠢ ᠶᠢᠨ ᠠᠮᠤᠷ ᠲᠦᠪᠰᠢᠨ ᠲᠣᠭᠲᠠᠭᠤᠨ ᠦᠢᠯᠡᠳᠪᠦᠷᠢᠯᠡᠯ ᠢ ᠪᠠᠲᠤᠯᠠᠨ᠎ᠠ᠃
     ᠴᠠᠬᠢᠯᠭᠠᠨ ᠦᠢᠯᠡᠳᠪᠦᠷᠢᠯᠡᠬᠦ ᠬᠡᠯᠳᠡᠰ ᠬᠤᠶᠠᠷ ᠬᠤᠷᠠᠯ ᠤᠨ ᠴᠠᠬᠢᠯᠭᠠᠨ ᠢ ᠪᠠᠲᠤᠯᠠᠬᠤ ᠬᠤᠭᠤᠴᠠᠭᠠᠨ ᠳᠠᠬᠢ ᠡᠯ᠎ᠡ ᠵᠦᠢᠯ ᠤᠨ ᠦᠢᠯᠡᠳᠪᠦᠷᠢᠯᠡᠯ ᠤᠨ ᠡᠭᠦᠷᠭᠡ ᠶᠢ ᠤᠷᠢᠳᠴᠢᠯᠠᠨ ᠪᠠᠶᠢᠷᠢᠯᠠᠭᠤᠯᠤᠨ ᠨᠠᠶᠢᠳᠠᠪᠤᠷᠢᠵᠢᠭᠤᠯᠵᠤ᠂ ︽ᠴᠢᠩᠭ᠎ᠠ︾ ᠪᠠᠶᠢᠬᠤ ᠶᠢ ᠲᠡᠷᠢᠭᠦᠨ ᠳᠤ ᠲᠠᠯᠪᠢᠵᠤ᠂ ︽ᠨᠠᠷᠢᠯᠢᠭ︾ ᠪᠠᠶᠢᠬᠤ ᠶᠢ ᠲᠡᠷᠢᠭᠦᠨ ᠳᠤ ᠲᠠᠯᠪᠢᠵᠤ᠂ ᠡᠯ᠎ᠡ ᠠᠵᠢᠯ ᠤᠨ ᠪᠠᠶᠢᠷᠢ ᠶᠢᠨ ᠠᠵᠢᠯᠲᠠᠨ ᠤ ᠭᠤᠣᠯ ᠴᠣᠭᠴᠠ ᠶᠢᠨ ᠡᠭᠦᠷᠭᠡ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠴᠢᠩᠭ᠎ᠠ ᠠᠳᠬᠤᠵᠤ᠂ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠬᠤᠶᠠᠷ ᠬᠤᠷᠠᠯ ᠤᠨ ᠴᠠᠬᠢᠯᠭᠠᠨ ᠢ ᠪᠠᠲᠤᠯᠠᠬᠤ ᠬᠤᠭᠤᠴᠠᠭᠠᠨ ᠳᠠᠬᠢ ᠡᠯ᠎ᠡ ᠵᠦᠢᠯ ᠤᠨ ᠡᠭᠦᠷᠭᠡ ᠶᠢᠨ ᠱᠠᠭᠠᠷᠳᠠᠯᠭ᠎ᠠ ᠶᠢ ᠲᠡᠭᠦᠯᠳᠡᠷᠵᠢᠭᠦᠯᠦᠨ᠎ᠡ︔ ︽ᠬᠤᠶᠠᠷ ᠪᠢᠯᠧᠲ ᠭᠤᠷᠪᠠᠨ ᠳᠦᠷᠢᠮ︾ ᠢ ᠰᠤᠭᠤᠴᠢᠨ ᠪᠠᠶᠢᠴᠠᠭᠠᠵᠤ ᠬᠢᠨᠠᠯᠲᠠ ᠲᠠᠯᠪᠢᠬᠤ ᠡᠷᠴᠢᠮ ᠢ ᠭᠦᠨᠵᠡᠭᠡᠢ ᠴᠢᠩᠭᠠᠷᠠᠭᠤᠯᠵᠤ᠂ ᠬᠢᠨᠠᠨ ᠪᠠᠶᠢᠴᠠᠭᠠᠬᠤ ᠭᠦᠢᠴᠡᠳᠬᠡᠯ ᠲᠤᠭ᠎ᠠ ᠶᠢ ᠲᠣᠬᠢᠷᠠᠭᠤᠯᠤᠨ ᠬᠢᠨᠠᠨ ᠰᠢᠯᠭᠠᠬᠤ ᠡᠷᠴᠢᠮ ᠢ ᠴᠢᠩᠭᠠᠷᠠᠭᠤᠯᠤᠨ᠂ ᠭᠤᠣᠯᠳᠠᠯᠭ᠎ᠠ ᠲᠠᠢ ᠲᠥᠬᠦᠭᠡᠷᠦᠮᠵᠢ᠂ ᠣᠷᠣᠨ ᠪᠦᠰᠡ ᠶᠢᠨ ᠲᠣᠭᠤᠷᠢᠨ ᠪᠠᠶᠢᠴᠠᠭᠠᠬᠤ ᠤᠳᠠᠭ᠎ᠠ ᠶᠢ ᠨᠡᠮᠡᠭᠳᠡᠭᠦᠯᠵᠦ᠂ ᠡᠯ᠎ᠡ ᠮᠠᠰᠢᠨ ᠴᠣᠭᠴᠠᠯᠠᠪᠤᠷᠢ ᠶᠢᠨ ᠠᠶᠦᠯᠭᠦᠢ ᠦᠢᠯᠡᠳᠪᠦᠷᠢᠯᠡᠯ ᠤᠨ ᠬᠡᠮ ᠰᠣᠭᠤᠭ ᠢ ᠭᠦᠨᠵᠡᠭᠡᠢ ᠵᠢᠭᠰᠠᠭᠠᠨ ᠪᠠᠶᠢᠴᠠᠭᠠᠵᠤ ᠰᠢᠢᠳᠪᠦᠷᠢᠯᠡᠨ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠵᠦ᠂ ᠬᠡᠮ ᠰᠣᠭᠤᠭ ᠢ ᠡᠴᠦᠰ  ᠲᠤᠨᠢ ᠲᠤᠯᠲᠠᠯ᠎ᠠ ᠬᠠᠮᠢᠶᠠᠷᠬᠤ ᠶᠢ ᠬᠢᠨᠠᠮᠠᠭᠠᠢ ᠪᠡᠶᠡᠯᠡᠭᠦᠯᠦᠨ᠎ᠡ︔ ᠳᠠᠭᠤᠷᠢᠶᠠᠮᠠᠯ ᠮᠠᠰᠢᠨ ᠢ ᠠᠰᠢᠭᠯᠠᠨ ᠡᠯ᠎ᠡ ᠵᠦᠢᠯ ᠤᠨ ᠦᠢᠯᠡᠳᠪᠦᠷᠢᠯᠡᠯ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠵᠦ᠂ ᠨᠢᠰᠬᠡᠯ ᠤᠨ ᠳᠤᠭᠤᠶᠢᠯᠠᠩ ᠤᠨ ᠳᠣᠲᠣᠷᠠᠬᠢ ᠬᠥᠮᠥᠰ ᠤᠨ ᠠᠳᠡᠯ ᠢ ᠰᠢᠢᠳᠪᠦᠷᠢᠯᠡᠬᠦ ᠠᠵᠢᠯ ᠤᠨ ᠬᠤᠪᠢᠶᠠᠷᠢᠯᠠᠯ ᠤᠨ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠤᠨ᠂ ᠠᠳᠡᠯ ᠢ ᠰᠢᠢᠳᠪᠦᠷᠢᠯᠡᠬᠦ ᠶᠠᠪᠤᠴᠠ ᠵᠢᠴᠢ ᠠᠩᠬᠠᠷᠬᠤ ᠵᠦᠢᠯᠡᠰ ᠢ ᠲᠣᠳᠣᠷᠬᠠᠶᠢᠯᠠᠵᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠡᠯ᠎ᠡ ᠠᠵᠢᠯ ᠤᠨ ᠪᠠᠶᠢᠷᠢ ᠳᠤ ᠠᠵᠢᠯᠯᠠᠵᠤ ᠪᠠᠶᠢᠭ᠎ᠠ ᠬᠥᠮᠥᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠤᠶᠠᠷ ᠬᠤᠷᠠᠯ ᠤᠨ ᠴᠠᠬᠢᠯᠭᠠᠨ ᠢ ᠪᠠᠲᠤᠯᠠᠬᠤ ᠴᠢᠬᠤᠯᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠪᠠᠲᠤ ᠪᠠᠬᠢ ᠠᠮᠤᠷ ᠲᠦᠪᠰᠢᠨ ᠤ ᠰᠠᠭᠤᠷᠢ ᠶᠢ  ᠲᠠᠯᠪᠢᠨ᠎ᠠ᠃\
     ᠬᠤᠶᠠᠷ ᠬᠤᠷᠠᠯ ᠤᠨ ᠴᠠᠬᠢᠯᠭᠠᠨ ᠢ ᠪᠠᠲᠤᠯᠠᠬᠤ ᠠᠴᠠ ᠡᠮᠦᠨᠡᠬᠡᠨ᠂ ᠲᠤᠨᠤᠭ ᠲᠥᠬᠦᠭᠡᠷᠦᠮᠵᠢ ᠶᠢᠨ ᠬᠡᠯᠲᠡᠰ ᠲᠤᠨᠤᠭ ᠲᠥᠬᠦᠭᠡᠷᠦᠮᠵᠢ ᠶᠢᠨ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠶᠡᠭᠡ ᠪᠠᠶᠢᠴᠠᠭᠠᠯᠲᠠ᠂ ᠲᠤᠨᠤᠭ ᠲᠥᠬᠦᠭᠡᠷᠦᠮᠵᠢ ᠶᠢᠨ ᠲᠣᠭᠤᠷᠢᠨ ᠪᠠᠶᠢᠴᠠᠭᠠᠯᠲᠠ᠂ ᠲᠤᠨᠤᠭ ᠲᠥᠬᠦᠭᠡᠷᠦᠮᠵᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠡᠯ᠎ᠡ ᠵᠦᠢᠯ ᠤᠨ ᠳᠤᠲᠠᠭᠳᠠᠯ ᠢ ᠴᠡᠭᠴᠡᠯᠡᠨ ᠵᠠᠰᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ᠂ ᠪᠠᠶᠢᠴᠠᠭᠠᠭᠰᠠᠨ ᠦᠷ᠎ᠡ ᠳ᠋ᠦᠩ ᠪᠣᠯᠣᠨ ᠢᠯᠡᠷᠡᠭᠦᠯᠦᠭᠰᠡᠨ ᠠᠰᠠᠭᠤᠳᠠᠯ ᠢ ᠦᠨᠳᠦᠰᠦᠯᠡᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠴᠠᠭ ᠢ ᠬᠢᠵᠠᠭᠠᠷᠯᠠᠵᠤ᠂ ᠲᠤᠨᠤᠭ ᠲᠥᠬᠦᠭᠡᠷᠦᠮᠵᠢ ᠶᠢᠨ ᠵᠠᠰᠠᠯᠲᠠ ᠶᠢ ᠪᠦᠬᠦ ᠲᠠᠯ᠎ᠠ ᠪᠠᠷ ᠶᠠᠪᠤᠭᠳᠠᠭᠤᠯᠤᠨ᠎ᠠ︔ 24 ᠴᠠᠭ ᠢᠶᠠᠷ ᠵᠢᠵᠢᠭᠦᠷᠯᠡᠬᠦ ᠳᠦᠷᠢᠮ ᠢ ᠬᠢᠨᠠᠮᠠᠭᠠᠢ ᠬᠡᠷᠡᠭᠵᠢᠭᠦᠯᠵᠦ᠂ ᠲᠣᠨᠤᠭ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠴᠠᠭ ᠢᠮᠠᠭᠲᠠ ᠠᠩᠬᠠᠷᠴᠤ᠂ ᠲᠣᠨᠤᠭ ᠲᠥᠬᠦᠭᠡᠷᠦᠮᠵᠢ ᠶᠢᠨ ᠴᠢᠬᠤᠯᠠ ᠬᠡᠰᠡᠭ ᠲᠤ ᠪᠠᠶᠢᠴᠠᠭᠠᠯᠲᠠ ᠬᠢᠬᠦ ᠪᠠ ᠬᠠᠮᠢᠶ᠎ᠠ ᠪᠦᠬᠦᠢ ᠪᠣᠯᠵᠣᠯᠲᠤ ᠲᠤᠭ᠎ᠠ ᠶᠢ ᠬᠡᠮᠵᠢᠵᠦ᠂ ᠲᠣᠨᠤᠭ ᠲᠥᠬᠦᠭᠡᠷᠦᠮᠵᠢ ᠶᠢᠨ ᠡᠷᠡᠭᠦᠯ ᠮᠡᠨᠳᠦ ᠶᠢᠨ ᠪᠠᠶᠢᠳᠠᠯ ᠳᠤ ᠵᠠᠳᠠᠯᠤᠯᠲᠠ ᠬᠢᠵᠦ᠂ ᠲᠤᠬᠠᠢ ᠶᠢᠨ ᠲᠠᠯᠠᠪᠤᠷ ᠲᠤ ᠢᠯᠡᠷᠡᠭᠦᠯᠦᠭᠰᠡᠨ ᠲᠣᠨᠤᠭ ᠲᠥᠬᠦᠭᠡᠷᠦᠮᠵᠢ ᠶᠢᠨ ᠬᠡᠮ ᠰᠣᠭᠤᠭ ᠲᠤ ᠲᠣᠰ ᠡᠭᠡᠯᠵᠢ ᠶᠢᠨ ᠵᠠᠰᠠᠯᠲᠠ ᠬᠢᠵᠦ᠂ ᠲᠤᠬᠠᠢ ᠶᠢᠨ ᠡᠳᠦᠷ ᠲᠤ ᠠᠷᠢᠯᠭᠠᠬᠤ ᠬᠠᠮᠢᠶᠠᠷᠤᠯᠲᠠ ᠶᠢᠨ ᠱᠠᠭᠠᠷᠳᠠᠯᠭ᠎ᠠ ᠶᠢ ᠬᠡᠷᠡᠭᠵᠢᠭᠦᠯᠦᠨ᠂ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠲᠤᠯᠠᠨ᠎ᠠ᠃
     ᠬᠤᠶᠠᠷ ᠬᠤᠷᠠᠯ ᠤᠨ ᠬᠤᠭᠤᠴᠠᠭᠠᠨ ᠳᠤ ᠴᠠᠬᠢᠯᠭᠠᠨ ᠬᠠᠩᠭᠠᠯᠭ᠎ᠠ ᠶᠢ ᠠᠮᠤᠷ ᠲᠦᠪᠰᠢᠨ ᠲᠣᠭᠲᠠᠭᠤᠨ ᠢᠶᠠᠷ ᠬᠠᠩᠭᠠᠬᠤ ᠶᠢ ᠪᠠᠲᠤᠯᠠᠬᠤ ᠶᠢᠨ ᠲᠥᠯᠥᠭᠡ᠂ ᠪᠠᠶᠢᠴᠠᠭᠠᠨ ᠵᠠᠰᠠᠬᠤ ᠬᠡᠯᠳᠡᠰ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠢᠳᠡᠪᠬᠢᠲᠡᠢ ᠪᠠᠷ ᠪᠡᠯᠡᠳᠬᠡᠯ ᠬᠢᠵᠦ᠂ ᠬᠤᠶᠠᠷ ᠬᠤᠷᠠᠯ ᠤᠨ ᠬᠤᠭᠤᠴᠠᠭᠠᠨ ᠳᠠᠬᠢ ᠴᠠᠬᠢᠯᠭᠠᠨ ᠬᠠᠩᠭᠠᠯᠭ᠎ᠠ ᠶᠢ ᠪᠠᠲᠤᠯᠠᠬᠤ ᠲᠥᠰᠥᠯ ᠢ ᠪᠥᠬᠦ ᠲᠠᠯ᠎ᠠ ᠪᠠᠷ ᠡᠬᠢᠯᠡᠭᠦᠯᠵᠦ᠂ ᠴᠠᠬᠢᠯᠭᠠᠨ ᠢ ᠪᠠᠲᠤᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠴᠠᠬᠢᠯᠭᠠᠨ ᠢ ᠪᠠᠲᠤᠯᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠬᠤᠶᠠᠷ ᠬᠤᠷᠠᠯ ᠤᠨ ᠬᠤᠭᠤᠴᠠᠭᠠᠨ ᠳᠠᠬᠢ ᠴᠠᠬᠢᠯᠭᠠᠨ ᠢ ᠪᠠᠲᠤᠯᠠᠬᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠡ᠃ ᠮᠠᠰᠢᠨ ᠲᠡᠷᠭᠡᠨ ᠤ ᠬᠤᠭᠤᠷᠣᠨᠳᠤ ᠡᠯ᠎ᠡ ᠡᠭᠡᠯᠵᠢ ᠳᠤᠭᠤᠶᠢᠯᠠᠩ ᠢ ᠵᠣᠬᠢᠶᠠᠨ ᠪᠠᠶᠢᠭᠤᠯᠵᠤ ᠲᠤᠬᠠᠢ ᠶᠢᠨ ᠲᠠᠯᠠᠪᠤᠷ ᠤᠨ ᠭᠠᠯ ᠤᠨᠲᠠᠷᠠᠭᠠᠬᠤ ᠲᠥᠬᠦᠭᠡᠷᠦᠮᠵᠢ᠂ ᠴᠠᠬᠢᠯᠭᠠᠨ ᠬᠡᠷᠡᠭᠯᠡᠬᠦ ᠪᠠᠶᠢᠴᠠᠭᠠᠨ ᠵᠠᠰᠠᠬᠤ ᠲᠥᠬᠦᠭᠡᠷᠦᠮᠵᠢ ᠶᠢ ᠲᠥᠪᠯᠡᠷᠡᠭᠦᠯᠦᠨ ᠪᠠᠶᠢᠴᠠᠭᠠᠵᠤ᠂ ᠳᠠᠯᠳᠠ ᠬᠡᠮ ᠢ ᠣᠯᠵᠤ ᠮᠡᠳᠡᠪᠡᠯ ᠳᠠᠷᠤᠢ ᠲᠦᠷᠭᠡᠨ ᠠᠷᠢᠯᠭᠠᠬᠤ ᠬᠡᠷᠡᠭᠲᠡᠢ︔ ᠭᠦᠸᠧᠯᠦ ᠶᠢᠨ ᠦᠢᠯᠡᠳᠪᠦᠷᠢ ᠶᠢᠨ ᠲᠠᠰᠤᠭ ᠲᠤ ᠡᠭᠡᠯᠵᠢ ᠳᠤᠭᠤᠶᠢᠯᠠᠩ ᠳᠤ ᠬᠠᠷᠢᠶᠠᠯᠠᠭᠳᠠᠬᠤ ᠲᠥᠬᠦᠭᠡᠷᠦᠮᠵᠢ ᠶᠢᠨ ᠲᠣᠭᠤᠷᠢᠨ ᠪᠠᠶᠢᠴᠠᠭᠠᠬᠤ ᠤᠳᠠᠭ᠎ᠠ ᠶᠢ ᠨᠡᠮᠡᠵᠦ᠂ ᠰᠢᠰᠲ᠋ᠧᠮ ᠤᠨ ᠳᠣᠲᠣᠷᠠᠬᠢ ᠪᠣᠯᠣᠳ ᠪᠦᠲᠦᠴᠡ᠂ ᠲᠣᠰᠣᠨ ᠤ ᠰᠢᠰᠲ᠋ᠧᠮ᠂ ᠴᠣᠬᠤᠢ ᠵᠡᠷᠭᠡ ᠣᠷᠣᠨ ᠪᠦᠰᠡ ᠶᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠳᠠᠯᠳᠠ ᠬᠡᠮ ᠢ ᠣᠯᠵᠤ ᠮᠡᠳᠡᠪᠡᠯ ᠴᠠᠭ ᠲᠤᠬᠠᠢ ᠳᠤᠨᠢ ᠠᠷᠢᠯᠭᠠᠬᠤ ᠬᠡᠷᠡᠭᠲᠡᠢ︔ ᠳᠠᠯᠳᠠ ᠬᠡᠮ ᠣᠷᠣᠰᠢᠵᠤ ᠪᠠᠶᠢᠭ᠎ᠠ ᠭᠠᠯ ᠰᠡᠷᠭᠡᠶᠢᠯᠡᠬᠦ ᠲᠠᠰᠤᠯᠳᠠᠯ ᠢ ᠪᠠᠶᠢᠴᠠᠭᠠᠨ ᠴᠡᠭᠴᠡᠯᠡᠨ ᠰᠠᠶᠢᠵᠢᠷᠠᠭᠤᠯᠵᠤ᠂ ︽ᠡᠷᠲᠡ ᠢᠯᠡᠷᠡᠭᠦᠯᠵᠦ ᠡᠷᠲᠡ ᠴᠡᠭᠴᠡᠯᠡᠨ ᠰᠠᠶᠢᠵᠢᠷᠠᠭᠤᠯᠬᠤ︾ ᠶᠢ ᠪᠡᠶᠡᠯᠡᠭᠦᠯᠵᠦ᠂ ᠲᠥᠬᠦᠭᠡᠷᠦᠮᠵᠢ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠨ᠎ᠠ︔ ᠶᠡᠷᠦᠩᠬᠡᠶᠢᠯᠡᠭᠰᠡᠨ ᠠᠩᠭᠢ ᠠᠴᠠ ᠬᠥᠮᠥᠷᠭᠡ ᠳᠤ ᠭᠠᠯ ᠤᠨᠲᠠᠷᠠᠭᠠᠬᠤ ᠵᠢᠭᠰᠠᠭᠠᠨ ᠪᠠᠶᠢᠴᠠᠭᠠᠬᠤ ᠠᠵᠢᠯ ᠢ ᠬᠢᠵᠦ᠂ ᠬᠥᠮᠥᠷᠭᠡ ᠳᠤ ᠬᠡᠷᠡᠭᠯᠡᠬᠦ ᠴᠠᠬᠢᠯᠭᠠᠨ ᠤ ᠠᠮᠤᠷ ᠲᠦᠪᠰᠢᠨ ᠵᠢᠴᠢ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠪᠦᠷᠢᠨ ᠲᠡᠭᠦᠯᠳᠡᠷ ᠪᠠᠶᠢᠬᠤ ᠶᠢ ᠦᠨᠡᠨᠬᠦ  ᠪᠠᠳᠤᠯᠠᠨ᠎ᠠ᠃
     ᠰᠦᠯᠵᠢᠶᠡᠨ ᠤ ᠠᠮᠤᠷ ᠲᠦᠪᠰᠢᠨ ᠬᠢᠭᠡᠳ ᠡᠵᠡᠮᠳᠡᠯ ᠤᠨ ᠬᠡᠯᠳᠡᠰ ᠠᠮᠤᠷ ᠲᠦᠪᠰᠢᠨ ᠤ ᠠᠵᠢᠯᠯᠠᠭ᠎ᠠ ᠶᠢᠨ ᠬᠤᠷᠠᠯ᠂ ᠰᠠᠯᠪᠤᠷᠢ ᠵᠥᠪᠯᠡᠯ᠂ ᠠᠩᠭᠢ ᠶᠢᠨ ᠬᠤᠷᠠᠯ ᠵᠡᠷᠭᠡ ᠠᠴᠢᠶᠠᠯᠠᠪᠤᠷᠢ ᠪᠠᠷ ᠳᠠᠮᠵᠢᠭᠤᠯᠤᠨ ᠠᠵᠢᠯᠲᠠᠨ ᠠᠵᠢᠯᠴᠢᠨ ᠢ ᠬᠥᠲᠥᠯᠥᠨ ᠵᠢᠯᠤᠭᠤᠳᠴᠤ ᠪᠠᠶᠢᠭᠠᠳ ᠴᠠᠬᠢᠯᠭᠠᠨ ᠢ ᠪᠠᠲᠤᠯᠠᠬᠤ ᠠᠵᠢᠯ ᠤᠨ ᠲᠤᠬᠠᠢ ᠰᠤᠷᠤᠯᠴᠠᠯᠭ᠎ᠠ ᠪᠠ ᠲᠠᠨᠢᠯᠲᠠ ᠶᠢ ᠨᠢ ᠴᠢᠩᠭᠠᠳᠬᠠᠵᠤ᠂ ᠦᠢᠯᠡᠳᠪᠦᠷᠢ ᠶᠢᠨ ᠲᠠᠰᠤᠭ ᠲᠠᠢ ᠵᠣᠬᠢᠴᠠᠯᠳᠤᠭᠰᠠᠨ ᠪᠣᠳᠠᠲᠠᠢ ᠬᠡᠷᠡᠭᠵᠢᠭᠦᠯᠬᠦ ᠲᠥᠰᠥᠯ ᠢ ᠲᠣᠭᠲᠠᠭᠠᠬᠤ ᠶᠢᠨ ᠬᠠᠮᠲᠤ ᠪᠡᠯᠡᠳᠬᠡᠯ ᠲᠣᠨᠤᠭ ᠤᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ᠂ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠬᠢᠨ᠎ᠡ︔ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠥᠬᠦᠭᠡᠷᠦᠮᠵᠢ ᠶᠢᠨ ᠠᠵᠢᠯᠯᠠᠭᠠᠨ᠂ ᠰᠦᠯᠵᠢᠶ᠎ᠡ ᠶᠢᠨ ᠠᠵᠢᠯᠯᠠᠭᠠᠨ ᠵᠢᠴᠢ ᠭᠡᠷ ᠳᠣᠲᠣᠷᠠᠬᠢ ᠲᠥᠬᠦᠭᠡᠷᠦᠮᠵᠢ ᠲᠣᠬᠢᠷᠠᠭᠤᠯᠤᠭᠰᠠᠨ ᠪᠠᠶᠢᠳᠠᠯ ᠢ ᠨᠠᠷᠢᠨ ᠨᠢᠮᠪᠠᠢ ᠪᠠᠶᠢᠴᠠᠭᠠᠵᠤ᠂ ᠲᠥᠬᠦᠭᠡᠷᠦᠮᠵᠢ ᠶᠢᠨ ᠳᠤᠯᠠᠭᠠᠨ ᠤ ᠬᠡᠮᠵᠢᠶ᠎ᠡ ᠶᠢ ᠲᠣᠭᠲᠠᠮᠠᠯ ᠬᠤᠭᠤᠴᠠᠭ᠎ᠠ ᠲᠠᠢ ᠪᠠᠷ ᠬᠡᠮᠵᠢᠬᠦ ᠪᠠ ᠲᠥᠬᠦᠭᠡᠷᠦᠮᠵᠢ ᠶᠢᠨ ᠬᠤᠷᠠᠮᠳᠤᠭᠰᠠᠨ ᠦᠨᠡᠰᠦ ᠶᠢ ᠴᠡᠪᠡᠷᠯᠡᠵᠦ᠂ ᠲᠥᠬᠦᠭᠡᠷᠦᠮᠵᠢ ᠶᠢᠨ ᠠᠵᠢᠯᠯᠠᠭᠠᠨ ᠤ ᠣᠷᠴᠢᠨ ᠲᠣᠭᠤᠷᠢᠨ ᠤ ᠰᠠᠶᠢᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ︔ SIS ᠰᠢᠰᠲ᠋ᠧᠮ᠂ DCS ᠰᠦᠯᠵᠢᠶᠡᠨ ᠤ ᠠᠮᠤᠷ ᠲᠦᠪᠰᠢᠨ ᠤ ᠰᠢᠰᠲ᠋ᠧᠮ ᠵᠡᠷᠭᠡ ᠭᠤᠣᠯᠳᠠᠯᠭ᠎ᠠ ᠲᠠᠢ ᠲᠥᠬᠦᠭᠡᠷᠦᠮᠵᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ᠂ ᠲᠥᠯᠥᠪᠯᠡᠭᠡ ᠲᠣᠭᠲᠠᠭᠠᠵᠤ᠂ ᠪᠢᠲᠡᠭᠦᠦ ᠴᠠᠭᠠᠷᠢᠭ ᠢᠶᠠᠷ ᠵᠠᠰᠠᠨ᠎ᠠ︔ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠲᠥᠬᠦᠭᠡᠷᠦᠮᠵᠢ ᠶᠢᠨ ᠬᠡᠪ ᠤᠨ ᠪᠤᠰᠤ ᠪᠠᠶᠢᠳᠠᠯ ᠤᠨ ᠵᠠᠳᠠᠯᠤᠯᠲᠠ ᠶᠢ ᠴᠢᠩᠭᠠᠳᠬᠠᠵᠤ᠂ ᠮᠠᠰᠢᠨ ᠴᠣᠭᠴᠠᠯᠠᠪᠤᠷᠢ ᠶᠢᠨ ᠬᠦᠴᠦ ᠭᠠᠷᠭᠠᠬᠤ ᠶᠢ ᠨᠥᠯᠥᠭᠡᠯᠡᠬᠦ ᠳᠤᠲᠠᠭᠳᠠᠯ ᠢ ᠴᠠᠭ ᠲᠤᠬᠠᠢ ᠳᠤᠨᠢ  ᠠᠷᠢᠯᠭᠠᠨ᠎ᠠ᠃
     ᠰᠢᠲᠠᠭᠠᠯᠭ᠎ᠠ ᠶᠢᠨ ᠶᠠᠰᠤ ᠴᠢᠨᠠᠷ ᠤᠨ ᠪᠠᠶᠢᠴᠠᠭᠠᠯᠲᠠ ᠶᠢᠨ ᠶᠠᠮᠤᠨ᠂ ᠰᠢᠲᠠᠭᠠᠯᠭ᠎ᠠ ᠶᠢᠨ ᠬᠠᠩᠭᠠᠯᠭ᠎ᠠ ᠶᠢᠨ ᠶᠠᠮᠤᠨ ᠬᠤᠶᠠᠷ ᠬᠤᠷᠠᠯ ᠤᠨ ᠬᠤᠭᠤᠴᠠᠭᠠᠨ ᠳᠠᠬᠢ ᠰᠢᠲᠠᠭᠠᠯᠭ᠎ᠠ ᠶᠢᠨ ᠬᠥᠮᠥᠷᠭᠡ ᠶᠢᠨ ᠬᠠᠳᠠᠭᠠᠯᠠᠯᠲᠠ᠂ ᠬᠡᠷᠡᠭᠴᠡᠭᠡ ᠶᠢᠨ ᠬᠤᠪᠢᠷᠠᠯᠲᠠ ᠵᠢᠴᠢ ᠨᠡᠭᠦᠷᠡᠰᠦᠨ ᠤ ᠵᠠᠬ᠎ᠠ ᠳᠡᠯᠭᠡᠭᠦᠷ ᠤᠨ ᠪᠠᠶᠢᠳᠠᠯ ᠢ ᠨᠢᠭᠲᠠ ᠠᠩᠬᠠᠷᠴᠤ᠂ ᠬᠤᠶᠠᠷ ᠬᠤᠷᠠᠯ ᠤᠨ ᠬᠤᠭᠤᠴᠠᠭᠠᠨ ᠳᠠᠬᠢ ᠦᠢᠯᠡᠳᠪᠦᠷᠢᠯᠡᠯ᠂ ᠬᠤᠷᠣᠭᠳᠠᠯ ᠵᠡᠷᠭᠡ ᠪᠠᠶᠢᠳᠠᠯ ᠲᠠᠢ ᠤᠶᠠᠯᠳᠤᠭᠤᠯᠤᠨ᠂ ᠠᠵᠤ ᠠᠬᠤᠢ ᠶᠢᠨ ᠴᠢᠨᠠᠷᠲᠠᠢ ᠣᠷᠳᠣ ᠬᠤᠭᠤᠴᠠᠭᠠᠨ ᠤ ᠬᠠᠮᠵᠢᠯᠴᠠᠭ᠎ᠠ ᠪᠠ ᠵᠠᠬ᠎ᠠ ᠳᠡᠯᠭᠡᠭᠦᠷ ᠤᠨ ᠨᠡᠭᠦᠷᠡᠰᠦᠨ ᠤ ᠡᠬᠢ ᠪᠠᠶᠠᠯᠢᠭ ᠢ ᠢᠳᠡᠪᠬᠢᠲᠡᠢ ᠪᠠᠷ ᠨᠡᠭᠡᠭᠡᠨ ᠥᠷᠭᠡᠳᠬᠡᠵᠦ᠂ ᠨᠡᠭᠦᠷᠡᠰᠦᠨ ᠤ ᠡᠬᠢ ᠪᠠᠶᠠᠯᠢᠭ ᠤᠨ ᠲᠤᠭ᠎ᠠ ᠬᠡᠮᠵᠢᠶ᠎ᠡ ᠶᠢ ᠪᠦᠲᠦᠮᠵᠢᠲᠡᠶ ᠪᠠᠷ ᠨᠡᠮᠡᠭᠳᠡᠭᠦᠯᠦᠨ᠎ᠡ︔ ᠭᠤᠣᠯᠳᠠᠯᠭ᠎ᠠ ᠲᠠᠢ ᠬᠠᠩᠭᠠᠯᠭ᠎ᠠ ᠶᠢᠨ ᠬᠤᠳᠠᠯᠳᠤᠭᠠᠴᠢᠨ ᠯᠤᠭ᠎ᠠ ᠶᠢᠨ ᠨᠡᠪᠲᠡᠷᠡᠯᠴᠡᠭᠡ᠂ ᠵᠣᠬᠢᠴᠠᠭᠤᠯᠭ᠎ᠠ ᠪᠠᠨ ᠴᠢᠩᠭᠠᠳᠬᠠᠵᠤ᠂ ᠨᠡᠭᠦᠷᠡᠰᠦ ᠲᠡᠭᠡᠭᠡᠪᠦᠷᠢᠯᠡᠬᠦ᠂ ᠪᠠᠭᠤᠯᠭᠠᠬᠤ ᠭᠤᠭᠴᠤᠭ᠎ᠠ ᠶᠢ ᠴᠢᠩᠭ᠎ᠠ ᠠᠩᠬᠠᠷᠴᠤ᠂ ᠰᠢᠯᠵᠢᠭᠦᠯᠦᠨ ᠲᠡᠭᠡᠭᠡᠪᠦᠷᠢᠯᠡᠬᠦ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠭᠡᠷ᠎ᠡ ᠶᠢ ᠪᠡᠶᠡᠯᠡᠭᠦᠯᠬᠦ ᠨᠣᠷᠮ᠎ᠠ ᠶᠢ ᠴᠢᠷᠮᠠᠶᠢᠨ ᠳᠡᠭᠡᠭᠰᠢᠯᠡᠭᠦᠯᠵᠦ᠂ ᠰᠢᠯᠵᠢᠭᠦᠯᠦᠨ ᠲᠡᠭᠡᠭᠡᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠦᠢᠯᠡᠳᠪᠦᠷᠢ ᠳᠤ ᠣᠷᠣᠬᠤ ᠨᠡᠭᠦᠷᠡᠰᠦᠨ ᠤ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ︔ ᠨᠡᠭᠦᠷᠡᠰᠦᠨ ᠤ ᠴᠢᠨᠠᠷ ᠢ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠡᠭᠦᠷᠡᠰᠦᠨ ᠤ ᠴᠢᠨᠠᠷ ᠤᠨ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠬᠡᠷᠡᠭᠲᠡᠢ︔ ᠦᠢᠯᠡᠳᠪᠦᠷᠢ ᠳᠤ ᠣᠷᠣᠭᠤᠯᠬᠤ ᠨᠡᠭᠦᠷᠡᠰᠦ ᠶᠢ ᠭᠥᠯᠢᠶᠡᠨ ᠠᠪᠴᠤ ᠪᠠᠭᠤᠯᠭᠠᠬᠤ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠨᠡᠪᠲᠡᠷᠡᠯᠴᠡᠭᠡ ᠬᠠᠮᠵᠢᠯᠴᠠᠭ᠎ᠠ ᠶᠢ ᠴᠢᠩᠭᠠᠳᠬᠠᠬᠤ ᠪᠠᠷ ᠳᠠᠮᠵᠢᠭᠤᠯᠤᠨ᠂ ᠭᠠᠯᠲᠤ ᠲᠡᠷᠭᠡᠨ ᠤ ᠨᠡᠭᠦᠷᠡᠰᠦ ᠶᠢ ᠭᠥᠯᠢᠶᠡᠨ ᠠᠪᠴᠤ ᠪᠠᠭᠤᠯᠭᠠᠬᠤ ᠲᠥᠷᠥᠯ ᠵᠦᠢᠯ ᠤᠨ ᠬᠡᠯᠲᠡᠰ ᠤᠨ ᠠᠵᠢᠯᠲᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠦᠢᠯᠡᠳᠪᠦᠷᠢ ᠳᠤ ᠣᠷᠣᠭᠤᠯᠬᠤ ᠨᠡᠭᠦᠷᠡᠰᠦ ᠶᠢ ᠪᠠᠭᠤᠯᠭᠠᠪᠠᠰᠤ ᠵᠣᠬᠢᠬᠤ ᠶᠢ ᠨᠢ ᠪᠦᠬᠦᠨ ᠢ ᠪᠠᠭᠤᠯᠭᠠᠬᠤ ᠶᠢ ᠦᠨᠡᠨᠬᠦ ᠪᠠᠲᠤᠯᠠᠵᠤ᠂ ᠺᠣᠮᠫᠠᠨᠢ ᠶᠢᠨ ᠬᠤᠶᠠᠷ ᠬᠤᠷᠠᠯ ᠤᠨ ᠴᠠᠬᠢᠯᠭᠠᠨ ᠢ ᠪᠠᠲᠤᠯᠠᠬᠤ ᠠᠵᠢᠯ ᠳᠤ ᠰᠠᠶᠢᠨ ᠰᠠᠭᠤᠷᠢ ᠲᠠᠯᠪᠢᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1