ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 95 ᠳ᠋ᠤᠭᠠᠷ ᠬᠤᠷᠠᠯᠳᠤᠭᠠᠨ ᠬᠤᠷᠠᠯᠳᠤᠪᠠ
ᠨᠡᠶᠢᠲᠡᠯᠡᠭᠰᠡᠨ ᠴᠠᠭ᠄
2023/3/20
      3 ᠳ᠋ᠤᠭᠠᠷ ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 95 ᠳ᠋ᠤᠭᠠᠷ ᠬᠤᠷᠠᠯ ᠬᠤᠷᠠᠯᠳᠤᠵᠤ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠸᠠᠩ ᠳ᠋ᠦᠩ ᠱᠧᠩ ᠬᠤᠷᠠᠯ ᠡᠷᠭᠢᠯᠡᠪᠡ᠃      ᠬᠤᠷᠠᠯ ᠠᠴᠠ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢᠨ ᠠᠬᠢᠴᠠ ᠶᠢᠨ ᠪᠠᠶᠢᠳᠠᠯ ᠪᠣᠯᠣᠨ ᠭᠤᠣᠯᠳᠠᠯᠭ᠎ᠠ ᠲᠠᠢ ᠲᠦᠷᠦᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠤᠨ ᠪᠡᠯᠡᠳᠬᠡᠯ ᠪᠠᠶᠢᠳᠠᠯ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠶᠢᠨ ᠯᠦᠩ ᠶᠡᠭᠡ ᠵᠡᠭᠡᠯᠢ ᠶᠢᠨ ᠵᠠᠮ ᠤᠨ ᠦᠵᠡᠮᠵᠢ ᠶᠢᠨ ᠵᠢᠷᠤᠭ ᠲᠥᠯᠥᠪᠯᠡᠭᠡ ᠶᠢᠨ ᠲᠥᠰᠥᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠦᠬᠦᠢ ᠵᠦᠢᠯᠡᠰ ᠢ ᠰᠤᠳᠤᠯᠤᠨ ᠲᠣᠬᠢᠷᠠᠭᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠡᠷᠢᠭᠦᠨ ᠤ ᠡᠵᠡᠩᠨᠡᠯᠲᠡ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠶᠡᠷᠦᠩᠬᠡᠶᠢᠯᠡᠭᠰᠡᠨ ᠡᠨᠧᠷᠭᠢ᠂ ᠣᠳᠣᠬᠢᠴᠢᠯᠠᠭᠰᠠᠨ ᠠᠵᠤ ᠦᠢᠯᠡᠳᠪᠦᠷᠢ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠭᠤᠷᠪᠠᠨ ᠶᠡᠭᠡ ᠭᠤᠣᠯᠯᠠᠭᠴᠢ ᠠᠵᠤ ᠦᠢᠯᠡᠰ ᠤᠨ ᠲᠣᠭᠤᠷᠢᠨ ᠳᠤ ᠨᠡᠩ ᠲᠠᠲᠠᠬᠤ ᠬᠦᠴᠦᠨ ᠲᠠᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠬᠠᠨᠳᠤᠯᠭᠠᠲᠤ ᠴᠢᠨᠠᠷᠲᠠᠢ ᠪᠠᠷ ᠲᠣᠭᠲᠠᠭᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠬᠥᠭᠵᠢᠭᠡᠬᠦ ᠬᠡᠷᠡᠭᠲᠡᠢ᠃ ᠭᠤᠷᠪᠠᠨ ᠶᠡᠭᠡ ᠭᠤᠣᠯᠯᠠᠭᠴᠢ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠷᠤᠭ ᠤᠨ ᠵᠢᠭᠰᠠᠯ ᠢ ᠲᠣᠭᠲᠠᠭᠠᠵᠤ᠂ ᠨᠢᠭᠡ ᠬᠦᠷᠢᠶᠡᠯᠡᠩ ᠤᠨ ᠵᠢᠷᠤᠭ᠂ ᠭᠤᠷᠪᠠᠨ ᠠᠵᠤ ᠦᠢᠯᠡᠰ ᠤᠨ ᠵᠢᠷᠤᠭ᠂ ᠬᠤᠶᠠᠷ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦ ᠶᠢᠨ ᠪᠣᠳᠣᠯᠭ᠎ᠠ ᠶᠢᠨ ᠵᠢᠷᠤᠭ ᠢ ᠬᠦᠴᠦᠯᠡᠨ ᠵᠢᠷᠤᠵᠤ᠂ ︽ᠵᠢᠷᠤᠭ ᠤᠨ ᠵᠢᠭᠰᠠᠯ ᠢᠶᠠᠷ ᠠᠷᠠᠯᠵᠢᠶᠠᠴᠢᠨ ᠤᠷᠢᠬᠤ︾ ᠶᠢ ᠦᠷᠭᠦᠯᠵᠢᠯᠡᠨ ᠰᠠᠶᠢᠲᠤᠷ ᠬᠡᠷᠡᠭᠯᠡᠵᠦ᠂ ᠭᠤᠣᠯᠳᠠᠯᠭ᠎ᠠ ᠲᠠᠢ ᠴᠢᠭᠯᠡᠯ᠂ ᠭᠤᠣᠯᠳᠠᠯᠭ᠎ᠠ ᠲᠠᠢ ᠲᠦᠷᠦᠯ ᠵᠦᠢᠯ ᠢ ᠲᠣᠳᠣᠷᠬᠠᠶᠢᠯᠠᠵᠤ᠂ ᠵᠢᠷᠤᠭ ᠤᠨ ᠶᠣᠰᠣᠭᠠᠷ ᠠᠷᠠᠯᠵᠢᠶᠠᠴᠢᠨ ᠤᠷᠢᠬᠤ ᠳᠤ ᠬᠦᠴᠦ ᠨᠡᠮᠡᠷᠢᠯᠡᠬᠦ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠬᠥᠨᠳᠡᠯᠡᠨ ᠢᠶᠠᠷ ᠬᠤᠯᠪᠣᠯᠳᠤᠭᠰᠠᠨ᠂ ᠭᠤᠯᠳᠤ ᠪᠠᠷ ᠨᠡᠪᠲᠡᠷᠡᠭᠰᠡᠨ ᠠᠷᠠᠯᠵᠢᠶᠠᠴᠢᠨ ᠤᠷᠢᠬᠤ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ︽ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠤᠨ ᠪᠣᠬᠢᠷᠳᠤᠯ ᠦᠭᠡᠢ ᠦᠢᠡᠳᠪᠦᠷᠢᠯᠡᠯ ᠤᠨ ᠰᠠᠭᠤᠷᠢᠨ ᠭᠠᠵᠠᠷ︾ ᠭᠡᠬᠦ ᠡᠨᠡ ᠬᠦ ᠭᠤᠣᠯ ᠰᠡᠳᠦᠪ ᠤᠨ ᠲᠣᠭᠤᠷᠢᠨ ᠳᠤ ᠬᠦᠷᠢᠶᠡᠯᠡᠩ ᠲᠣᠭᠤᠷᠢᠭ ᠤᠨ ᠵᠠᠮ ᠢ ᠭᠤᠶᠣᠵᠢᠭᠤᠯᠬᠤ᠂ ᠨᠣᠭᠤᠭᠠᠷᠠᠭᠤᠯᠬᠤ ᠵᠢᠴᠢ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠪᠦᠬᠦᠯᠢ ᠴᠣᠭᠴᠠ ᠶᠢᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠢᠨᠵᠧᠨᠧᠷᠢᠩ ᠢ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠳᠤ ᠰᠠᠶᠢᠨ ᠰᠠᠶᠢᠬᠠᠨ ᠣᠷᠴᠢᠨ ᠲᠣᠭᠤᠷᠢᠨ᠂ ᠴᠢᠨᠠᠷ ᠰᠠᠶᠢᠲᠠᠢ ᠦᠢᠯᠡᠴᠢᠯᠡᠭᠡ ᠬᠠᠩᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠭᠥᠯᠢᠶᠡᠨ ᠠᠪᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠠᠭᠠᠭᠠᠴᠠ ᠶᠢ ᠪᠥᠬᠦ ᠲᠠᠯ᠎ᠠ ᠪᠠᠷ ᠴᠢᠩᠭᠠᠷᠠᠭᠤᠯᠵᠤ᠂ ︽ᠪᠡᠯᠡ ᠣᠷᠣᠭᠤᠯᠤᠯᠲᠠ ᠶᠢᠨ ᠬᠠᠯᠠᠭᠤᠨ ᠬᠥᠷᠥᠰᠥ᠂ ᠠᠵᠤ ᠦᠢᠯᠡᠰ ᠢ ᠬᠥᠭᠵᠢᠭᠦᠯᠬᠦ ᠥᠨᠳᠥᠷ ᠭᠠᠵᠠᠷ︾ ᠢ ᠪᠣᠶ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1