ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ | ᠰᠦᠨᠡᠰᠦ ᠶᠢ ᠱᠤᠭᠤᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠦᠵᠡᠯ ᠰᠠᠨᠠᠭ᠎ᠠ ᠤᠯᠤᠰ | ᠲᠦᠷᠦ ᠶᠢᠨ ᠬᠢᠴᠢᠶᠡᠯ ᠤᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠨᠠᠮ ᠢᠶᠠᠨ | ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠨᠡᠶᠢᠭᠡᠮ ᠵᠢᠷᠤᠮ ᠢ ᠬᠠᠶᠢᠷᠠᠯᠠᠬᠤ ᠦᠵᠡᠯ ᠰᠠᠨᠠᠭ᠎ᠠ ᠶᠢ ᠪᠠᠭᠰᠢ ᠰᠤᠷᠤᠭᠴᠢ | ᠨᠢᠭᠡᠪᠦᠷᠢ ᠶᠢᠨ ᠰᠡᠳᠬᠢᠯ ᠤᠨ ᠭᠦᠨ ᠳᠤ ᠦᠨᠳᠦᠰᠦᠯᠡᠭᠦᠯᠬᠦ ᠶᠢᠨ ᠲᠦᠯᠦᠭᠡ᠂ 3 ᠳ᠋ᠤᠭᠠᠷ ᠰᠠᠷ᠎ᠠ ᠶᠢᠨ 17 ᠤ ᠡᠳᠦᠷ | ᠂ ᠮᠠᠨ ᠤ ᠰᠢᠶᠠᠨ ︽ᠪᠦᠬᠦ ᠰᠢᠶᠠᠨ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠥᠮᠦᠵᠢᠯ ᠵᠢᠴᠢ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ | ᠪᠠᠭᠰᠢ ᠨᠠᠷ ᠢ ᠲᠥᠪᠯᠡᠷᠡᠭᠦᠯᠦᠨ ᠬᠢᠴᠢᠶᠡᠯ ᠪᠡᠯᠡᠳᠬᠡᠬᠦ ᠪᠣᠯᠪᠠᠰᠤᠷᠠᠯ ᠤᠨ ᠠᠩᠭᠢ︾ ᠪᠣᠯᠣᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠢ ᠬᠤᠷᠠᠯᠳᠤᠭᠤᠯᠪᠠ᠃ ᠰᠢᠶᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢᠦ ᠹᠧᠢ᠂ | ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠸᠠᠩ ᠧᠨ ᠯᠸ ᠪᠣᠯᠪᠠᠰᠤᠷᠠᠯ ᠤᠨ ᠬᠤᠷᠠᠯ ᠳᠤ | ᠣᠷᠣᠯᠴᠠᠪᠠ᠃ ᠰᠢᠶᠠᠨ ᠤ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠰᠤᠳᠤᠯᠭᠠᠨ ᠤ ᠨᠡᠶᠢᠭᠡᠮᠯᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠰᠢᠶᠠᠨ ᠤ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ︽ᠨᠠᠢᠮᠠ ᠶᠢ ᠳᠡᠪᠰᠢᠭᠦᠯᠬᠦ︾ ᠲᠠᠶᠢᠯᠪᠤᠷᠢᠯᠠᠭᠴᠢ ᠵᠢᠴᠢ ᠡᠯ᠎ᠡ | ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ᠂ | ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠨᠠᠷ ᠪᠣᠯᠪᠠᠰᠤᠷᠠᠯ ᠳᠤ ᠣᠷᠣᠯᠴᠠᠪᠠ᠃ | | | | | | | | ᠲᠣᠰ ᠤᠳᠠᠭᠠᠨ ᠤ ᠪᠣᠯᠪᠠᠰᠤᠷᠠᠭᠤᠯᠤᠯ ᠢ ᠬᠤᠶᠠᠷ ᠬᠡᠰᠡᠭ ᠲᠤ ᠬᠤᠪᠢᠶᠠᠨ᠎ᠠ᠃ ᠨᠢᠭᠡᠳᠦᠭᠡᠷ ᠬᠡᠰᠡᠭ ᠲᠤ | ᠬᠥᠬᠡᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠠᠲᠤᠷ ᠪᠠᠭᠰᠢ ᠠᠴᠠ ᠬᠢᠴᠢᠶᠡᠯ ᠣᠷᠣᠨ᠎ᠠ᠂ | ᠲᠡᠷᠡ ᠨᠠᠷᠢᠨ ᠪᠣᠳᠠᠲᠠᠢ ᠲᠤᠭ᠎ᠠ ᠪᠠᠷᠢᠮᠲᠠ ᠪᠠ ᠨᠡᠶᠢᠲᠡᠯᠢᠭ ᠵᠢᠱᠢᠶ᠎ᠡ ᠪᠠᠷ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠨᠠᠷᠢᠨ ᠲᠠᠶᠢᠯᠪᠤᠷᠢᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠢ ᠰᠠᠶᠢᠲᠤᠷ ᠬᠢᠬᠦ ᠡᠷᠬᠢᠮ ᠨᠠᠨᠳᠢᠨ | ᠲᠤᠷᠰᠢᠯᠭ᠎ᠠ ᠶᠢ ᠤᠯᠠᠮᠵᠢᠯᠠᠵᠤ᠂ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠰᠠᠶᠢᠲᠤᠷ ᠬᠢᠬᠦ ᠠᠷᠭ᠎ᠠ ᠶᠢᠨ | ᠵᠢᠯᠣᠭᠤᠳᠤᠯᠭ᠎ᠠ ᠶᠢ ᠬᠠᠩᠭᠠᠵᠤ᠂ ᠪᠦᠬᠦ ᠰᠤᠷᠤᠭᠴᠢᠳ ᠤᠨ ᠬᠥᠮᠥᠨ ᠬᠥᠮᠥᠵᠢᠭᠦᠯᠬᠦ ᠴᠢᠳᠠᠪᠤᠷᠢ ᠪᠠ ᠬᠡᠪ ᠴᠢᠨᠠᠷ ᠢ | ᠳᠡᠭᠡᠭᠰᠢᠯᠡᠭᠦᠯᠪᠡ᠃ ᠬᠤᠶᠠᠳᠤᠭᠠᠷ ᠬᠡᠰᠡᠭ ᠲᠤ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ | ᠺᠣᠮᠢᠰᠰᠠᠷ ᠸᠠᠩ ᠡᠸ᠋ᠨ ᠯᠧ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠬᠢᠴᠢᠶᠡᠯ ᠵᠢᠭᠠᠵᠤ᠂ | ᠣᠳᠣᠬᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠠᠶᠢᠳᠠᠯ ᠳᠤ ᠨᠡᠪᠲᠡᠷᠬᠡᠢ ᠵᠠᠳᠠᠯᠤᠯᠲᠠ ᠬᠢᠵᠦ᠂ ᠠᠮᠢᠳᠤᠯᠢᠭ | ᠲᠠᠶᠢᠯᠪᠤᠷᠢᠯᠠᠯᠲᠠ ᠬᠢᠵᠡᠢ᠃ ᠪᠣᠯᠪᠠᠰᠤᠷᠠᠭᠤᠯᠤᠯ ᠢᠶᠠᠷ ᠳᠡᠮᠵᠢᠨ᠂ ᠰᠤᠷᠤᠭᠴᠢᠳ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠮᠡᠳᠡᠯᠭᠡ ᠪᠠᠨ ᠪᠠᠶᠠᠯᠢᠭᠵᠢᠭᠤᠯᠤᠭᠰᠠᠨ ᠮᠥᠷᠲᠡᠭᠡᠨ ᠪᠠᠰᠠ ᠤᠯᠤᠰ ᠢᠶᠠᠨ ᠬᠠᠶᠢᠷᠠᠯᠠᠬᠤ ᠬᠠᠯᠠᠭᠤᠨ | ᠰᠡᠳᠬᠢᠯᠭᠡ ᠪᠠᠨ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠥᠷᠨᠢᠭᠦᠯᠦᠨ᠎ᠡ ᠭᠡᠵᠦ ᠬᠤᠶᠢᠨ᠎ᠠ ᠬᠤᠶᠢᠨ᠎ᠠ | ᠠᠴᠠ ᠪᠠᠨ ᠢᠯᠡᠷᠬᠡᠶᠢᠯᠡᠵᠡᠢ᠃ | | | | |