ᠳ᠋ᠠ ᠲᠠᠩ ᠲᠤᠭᠳᠠᠬᠤ ᠴᠠᠬᠢᠯᠭᠠᠨ ᠦᠢᠯᠡᠳᠪᠦᠷᠢ᠄ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ  ᠲᠤᠭᠳᠠᠭᠠᠵᠤ ᠪᠣᠬᠢᠷᠳᠤᠯ ᠦᠭᠡᠢ ᠬᠡᠯᠪᠡᠷᠢ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠭᠡᠵᠦ ᠪᠠᠶᠢᠨ᠎ᠠ
ᠨᠡᠶᠢᠲᠡᠯᠡᠭᠰᠡᠨ ᠴᠠᠭ᠄
2023/3/20
     ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠪᠣᠯᠣᠨ ᠰᠠᠶ᠋ᠢᠬᠠᠨ ᠲᠡᠭᠦᠰᠦᠭᠰᠡᠨ ᠪᠦᠬᠦ ᠤᠯᠤᠰ ᠤᠨ ︽ᠬᠤᠶᠠᠷ ᠬᠤᠷᠠᠯ︾ ᠳᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠣᠬᠢᠷᠳᠤᠯ ᠦᠭᠡᠢ ᠪᠣᠯᠭᠠᠬᠤ᠂ ᠨᠡᠭᠦᠷᠡᠰᠦᠲᠥ᠋ᠷᠥᠭᠴᠢ ᠪᠠᠭ᠎ᠠ ᠪᠣᠯᠭᠠᠬᠤ ᠶᠢ ᠠᠬᠢᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠵᠠᠩᠭᠢᠯᠠᠭ᠎ᠠ ᠶᠢᠨ ᠭᠤᠭᠴᠤᠭ᠎ᠠ ᠪᠣᠯᠣᠨ᠎ᠠ ᠭᠡᠵᠦ ᠵᠢᠭᠠᠵᠤ ᠭᠠᠷᠭᠠᠪᠠ᠃ ᠣᠶᠢᠷ᠎ᠠ ᠶᠢᠨ ᠵᠢᠯ ᠤᠨ ᠲᠤᠷᠰᠢ᠂ ᠳ᠋ᠠ ᠲᠠᠩ ᠲᠣᠭᠲᠠᠬᠤ ᠴᠠᠬᠢᠯᠭᠠᠨ ᠦᠢᠯᠡᠳᠪᠦᠷᠢ ᠶᠢᠨ ᠺᠣᠮᠫᠠᠨᠢ ᠨᠢ ᠮᠠᠨ ᠤ ᠰᠢᠶᠠᠨ ᠤ ᠭᠤᠷᠪᠠᠨ ᠶᠡᠭᠡ ᠭᠤᠣᠯᠯᠠᠭᠴᠢ ᠠᠵᠤ ᠦᠢᠯᠡᠰ ᠤᠨ ᠶᠡᠷᠦᠩᠬᠡᠶᠢᠯᠡᠭᠰᠡᠨ ᠡᠨᠧᠷᠭᠢ ᠶᠢᠨ ᠠᠵᠤ ᠦᠢᠯᠡᠰ ᠤᠨ ᠲᠣᠯᠣᠭᠠᠶᠢᠯᠠᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠬᠥᠭᠵᠢᠯᠲᠡ ᠶᠢᠨ ᠰᠡᠳᠬᠢᠴᠡ ᠪᠠᠨ ᠢᠳᠡᠪᠬᠢᠲᠡᠢ ᠲᠣᠬᠢᠷᠠᠭᠤᠯᠵᠤ᠂ ᠬᠡᠯᠪᠡᠷᠢ ᠪᠠᠨ ᠬᠤᠪᠢᠷᠠᠭᠤᠯᠬᠤ ᠴᠢᠭᠯᠡᠯ ᠢᠶᠠᠨ ᠲᠣᠳᠣᠷᠬᠠᠶᠢᠯᠠᠵᠤ᠂ ᠤᠯᠠᠮᠵᠢᠯᠠᠯᠲᠤ ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠤᠨ ᠪᠣᠬᠢᠷᠳᠤᠯ ᠦᠭᠡᠢ ᠬᠡᠯᠪᠡᠷᠢ ᠬᠤᠪᠢᠷᠠᠭᠤᠯᠬᠤ ᠪᠠ ᠰᠢᠨ᠎ᠡ ᠶᠢ ᠡᠭᠦᠳᠬᠦ ᠬᠥᠭᠵᠢᠯᠲᠡ ᠶᠢ ᠶᠡᠬᠡᠪᠡᠷ ᠠᠬᠢᠭᠤᠯᠵᠤ᠂ ᠦᠢᠯᠡᠳᠪᠦᠷᠢᠯᠡᠯ ᠤᠨ ᠴᠢᠳᠠᠪᠤᠷᠢ ᠶᠢᠨ ᠣᠷᠣᠨ ᠵᠠᠢ ᠶᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠭᠤᠣᠯᠯᠠᠭᠴᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ︽ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠬᠠᠷᠠᠯᠲᠠ ᠶᠢ ᠪᠡᠶᠡᠯᠡᠭᠦᠯᠬᠦ ᠳᠤ ᠬᠦᠴᠦ ᠨᠡᠮᠡᠷᠢᠯᠡᠵᠡᠢ᠃
     ᠳ᠋ᠠ ᠲᠠᠩ ᠲᠤᠭᠳᠠᠬᠤ ᠴᠠᠬᠢᠯᠭᠠᠨ ᠦᠢᠯᠡᠳᠪᠦᠷᠢ ᠶᠢᠨ ᠺᠣᠮᠫᠠᠨᠢ ᠨᠢ ᠳᠡᠯᠡᠬᠡᠢ ᠶᠢᠨ ᠬᠠᠮᠤᠭ ᠤᠨ ᠲᠣᠮᠣ ᠭᠠᠯ ᠤᠨ ᠬᠦᠴᠦᠨ ᠤ ᠴᠠᠬᠢᠯᠭᠠᠨ ᠦᠢᠯᠡᠳᠪᠦᠷᠢ ᠪᠣᠯᠤᠭᠰᠠᠨ ᠤ ᠬᠤᠪᠢ ᠳᠤ᠂ ᠤᠯᠤᠰ ᠤᠨ ︽ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ︾ ᠪᠠ ︽ᠪᠠᠷᠠᠭᠤᠨ ᠣᠷᠣᠨ ᠤ ᠴᠠᠬᠢᠯᠭᠠᠨ ᠢ ᠵᠡᠭᠦᠨᠰᠢ ᠬᠦᠷᠭᠡᠬᠦ︾ ᠭᠤᠣᠯᠳᠠᠯᠭ᠎ᠠ ᠲᠠᠢ ᠢᠨᠵᠧᠨᠧᠷᠢᠩ ᠪᠣᠯᠤᠭᠰᠠᠨ ᠤ ᠬᠤᠪᠢ ᠳᠤ᠂ ︽ᠨᠡᠭᠦᠷᠡᠰᠦ ᠣᠭᠲᠠᠷᠭᠤᠢ ᠶᠢ ᠳᠠᠪᠠᠵᠤ᠂ ᠴᠠᠬᠢᠯᠭᠠᠨ ᠢ ᠪᠡᠭᠡᠵᠢᠩ ᠳᠤ ᠬᠦᠷᠭᠡᠬᠦ︾ ᠠᠭᠤᠤ ᠶᠡᠭᠡ ᠲᠥᠰᠥᠪᠯᠡᠯ ᠢ ᠰᠢᠨ᠎ᠡ ᠪᠠᠷ ᠡᠭᠦᠳᠴᠡᠢ᠃ ᠪᠥᠬᠦ ᠤᠯᠤᠰ ᠤᠨ ᠬᠤᠶᠠᠷ ᠬᠤᠷᠠᠯ ᠲᠡᠭᠦᠰ ᠠᠮᠵᠢᠯᠲᠠ ᠲᠠᠢ ᠲᠡᠭᠦᠰᠦᠭᠰᠡᠨ ᠤ ᠳᠠᠷᠠᠭ᠎ᠠ᠂ ᠳ᠋ᠠ ᠲᠠᠩ ᠲᠤᠭᠳᠠᠬᠤ ᠴᠠᠬᠢᠯᠭᠠᠨ ᠦᠢᠯᠡᠳᠪᠦᠷᠢ ᠪᠥᠬᠦ ᠺᠠᠳ᠋ᠷ ᠠᠵᠢᠯᠲᠠᠳ ᠢ ᠵᠣᠬᠢᠶᠠᠨ ᠪᠠᠶᠢᠭᠤᠯᠵᠤ ︽ᠬᠤᠶᠠᠷ ᠬᠤᠷᠠᠯ ᠤᠨ ᠵᠣᠷᠢᠭ ᠰᠠᠨᠠᠭ᠎ᠠ ᠶᠢ ᠬᠥᠭᠵᠢᠶᠡᠨᠲᠡᠢ ᠶᠠᠷᠢᠯᠴᠠᠬᠤ︾᠂ ︽ᠭᠤᠷᠪᠠᠨ ᠬᠤᠷᠠᠯ ᠨᠢᠭᠡ ᠬᠢᠴᠢᠶᠡᠯ︾᠂ ᠦᠨᠳᠦᠰᠦᠨ ᠱᠠᠲᠤᠨ ᠳᠤ ᠤᠬᠠᠭᠤᠯᠤᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠰᠤᠷᠤᠯᠴᠠᠬᠤ ᠬᠠᠯᠠᠭᠤᠨ ᠥᠷᠨᠢᠯᠲᠡ ᠭᠠᠷᠭᠠᠪᠠ᠃ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠥᠭᠡᠷᠡᠴᠢᠯᠡᠯᠲᠡ ᠪᠠ ᠡᠨᠧᠷᠭᠢ ᠴᠠᠬᠢᠯᠭᠠᠨ ᠬᠦᠴᠦᠨ ᠤ ᠠᠵᠢᠯ ᠲᠥᠷᠥᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠣᠨᠣᠪᠴᠢᠲᠠᠶ ᠡᠵᠡᠮᠰᠢᠵᠦ᠂ ᠨᠠᠮ ᠤᠨ ᠲᠥᠪ ᠬᠤᠷᠢᠶᠠᠨ ᠤ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠪᠠ ︽ᠳᠥᠷᠪᠡᠨ ᠬᠤᠪᠢᠰᠬᠠᠯ᠂ ᠨᠢᠭᠡ ᠬᠠᠮᠲᠤᠷᠠᠯᠴᠠᠭ᠎ᠠ︾ ᠶᠢᠨ ᠡᠨᠧᠷᠭᠢ ᠶᠢᠨ ᠠᠮᠤᠷ ᠲᠦᠪᠰᠢᠨ ᠤ ᠰᠢᠨ᠎ᠡ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠢᠩᠭᠠᠨ ᠲᠦᠮᠡᠨ ᠺᠢᠯᠣᠸᠠᠲ ᠤᠨ ᠲᠠᠰ ᠤᠨ ︽ᠥᠩᠭᠡ ᠦᠵᠡᠮᠵᠢ ᠭᠠᠯ ᠢᠯᠴᠢ ᠪᠠᠷ ᠨᠥᠭᠡᠴᠡᠯᠡᠬᠦ︾ ᠣᠯᠠᠨ ᠡᠨᠧᠷᠭᠢ ᠶᠢᠨ ᠬᠠᠷᠢᠯᠴᠠᠨ ᠨᠥᠬᠦᠪᠦᠷᠢᠯᠡᠬᠦ ᠶᠡᠷᠦᠩᠬᠡᠶᠢᠯᠡᠭᠰᠡᠨ ᠡᠨᠧᠷᠭᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠶᠡᠬᠡᠪᠡᠷ ᠴᠣᠭᠴᠠᠯᠠᠨ ᠪᠠᠶᠢᠭᠤᠯᠵᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠡᠷᠡᠰ ᠭᠤᠶᠢᠪᠢᠰᠢ ᠦᠭᠡᠢ ᠪᠠᠷ ᠠᠬᠢᠭᠤᠯᠤᠨ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠨ᠎ᠠ᠃
     ᠣᠳᠣᠬᠠᠨ ᠳᠤ᠂ ᠳ᠋ᠠ ᠲᠠᠩ ᠴᠠᠬᠢᠯᠭᠠᠨ ᠦᠢᠯᠡᠳᠪᠦᠷᠢ ᠶᠡᠷᠦᠩᠬᠡᠢ ᠮᠠᠰᠢᠨ ᠴᠣᠭᠴᠠᠯᠠᠪᠤᠷᠢ 673 ᠲᠦᠮᠡᠨ ᠺᠢᠯᠣᠸᠠᠲ ᠲᠤ ᠬᠦᠷᠴᠦ᠂ ᠵᠢᠯ ᠤᠨ ᠴᠠᠬᠢᠯᠭᠠᠨ ᠭᠠᠷᠭᠠᠬᠤ ᠴᠢᠳᠠᠪᠤᠷᠢ ᠨᠢ 300 ᠳ᠋ᠦᠩᠰᠢᠭᠤᠷ ᠺᠢᠯᠣᠸᠠᠲ ᠠᠴᠠ ᠳᠡᠭᠡᠭᠰᠢ ᠪᠠᠶᠢᠵᠤ᠂ ᠵᠢᠯ ᠪᠦᠷᠢ 50 ᠳ᠋ᠦᠩᠰᠢᠭᠤᠷ ᠺᠢᠯᠣᠸᠠᠲ ᠠᠴᠠ ᠳᠡᠭᠡᠭᠰᠢ ᠴᠠᠬᠢᠯᠭᠠᠨ ᠢ ᠦᠢᠯᠡᠳᠪᠦᠷᠢᠯᠡᠵᠦ᠂ ᠪᠠᠷᠢᠮᠵᠢᠶᠠᠲᠤ ᠨᠡᠭᠦᠷᠡᠰᠦ ᠶᠢ 170 ᠲᠦᠮᠡᠨ ᠲᠣᠨ ᠠᠴᠠ ᠢᠯᠡᠭᠦᠦ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 400 ᠲᠦᠮᠡᠨ ᠲᠣᠨ ᠠᠴᠠ  ᠲᠡᠭᠡᠭᠰᠡᠢ ᠪᠠᠭᠠᠰᠬᠠᠪᠠ᠃ ᠣᠯᠠᠨ ᠡᠨᠧᠷᠭᠢ ᠶᠢᠨ ᠬᠠᠷᠢᠯᠴᠠᠨ ᠨᠥᠬᠦᠪᠦᠷᠢᠯᠡᠬᠦ ᠶᠡᠷᠦᠩᠬᠡᠶᠢᠯᠡᠭᠰᠡᠨ ᠡᠨᠧᠷᠭᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠨᠡᠶᠢᠰᠯᠡᠯ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠣᠷᠭᠢᠯ ᠳᠤ ᠬᠦᠷᠬᠦ᠂ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠢ ᠪᠡᠶᠡᠯᠡᠭᠦᠯᠬᠦ ᠶᠢ ᠨᠡᠩ ᠬᠦᠴᠦᠲᠡᠢ ᠠᠬᠢᠭᠤᠯᠵᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠷᠢᠭᠤᠨ ᠴᠡᠪᠡᠷ ᠥᠨᠳᠥᠷ ᠪᠦᠲᠦᠮᠵᠢᠲᠡᠢ ᠡᠨᠧᠷᠭᠢ ᠶᠢᠨ ᠰᠢᠰᠲ᠋ᠧᠮ ᠢ ᠪᠠᠶᠢᠭᠤᠯᠬᠤ ᠳᠤ ᠬᠦᠴᠦ ᠨᠡᠮᠡᠷᠢᠯᠡᠵᠦ᠂ ᠡᠨᠧᠷᠭᠢ ᠶᠢᠨ ᠬᠠᠩᠭᠠᠯᠭ᠎ᠠ ᠶᠢᠨ ᠠᠮᠤᠷ ᠲᠦᠪᠰᠢᠨ ᠢ ᠪᠠᠲᠤᠯᠠᠬᠤ᠂ ᠨᠡᠭᠦᠷᠡᠰᠦᠲᠥ᠋ᠷᠥᠭᠴᠢ ᠶᠢ ᠪᠠᠭᠠᠰᠬᠠᠵᠤ᠂ ︽ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠵᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠶᠢ ᠲᠦᠷᠭᠡᠨ ᠪᠡᠶᠡᠯᠡᠭᠦᠯᠬᠦ ᠳᠤ ᠴᠥᠮ ᠴᠢᠬᠤᠯᠠ ᠢᠳᠡᠪᠬᠢ ᠦᠢᠯᠡᠳᠦᠯ ᠦᠵᠡᠭᠦᠯᠬᠦ ᠶᠢᠨ ᠬᠠᠮᠲᠤ ᠲᠤᠭᠳᠠᠬᠤ ᠴᠢᠩ ᠱᠦᠢ ᠾᠧ ᠠᠵᠤ ᠦᠢᠯᠡᠳᠪᠦᠷᠢ ᠶᠢᠨ ᠬᠦᠷᠢᠶᠡᠯᠡᠩ ᠳᠤ ᠶᠡᠷᠦᠩᠬᠡᠶᠢᠯᠡᠭᠰᠡᠨ ᠡᠨᠧᠷᠭᠢ ᠶᠢᠨ ᠪᠠᠲᠤᠯᠠᠭ᠎ᠠ ᠬᠠᠩᠭᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠪᠣᠯᠣᠨ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1