ᠴᠢᠯᠥᠭᠡ ᠲᠠᠯᠪᠢᠬᠤ ᠮᠡᠳᠡᠭᠳᠡᠯ︕ ︵ᠰᠤᠯᠢᠵᠤ ᠠᠮᠠᠷᠠᠬᠤ ᠦᠭᠡᠢ︶
ᠨᠡᠶᠢᠲᠡᠯᠡᠭᠰᠡᠨ ᠴᠠᠭ᠄
2023/3/20
      ᠪᠡᠭᠡᠵᠢᠩ ᠤᠨ ᠡᠳᠦᠷ ᠤᠨ ᠰᠣᠨᠢᠨ ᠤ ᠮᠡᠳᠡᠭᠡ ᠶᠢ ᠦᠨᠳᠦᠰᠦᠯᠡᠪᠡᠯ᠂ 3 ᠰᠠᠷ᠎ᠠ ᠶᠢᠨ 15 ᠤ ᠡᠳᠦᠷ᠂ ᠪᠡᠭᠡᠵᠢᠩ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽2023 ᠣᠨ ᠤ ᠬᠠᠩᠰᠢ ᠶᠢᠨ ᠠᠮᠠᠷᠠᠯᠲᠠ ᠶᠢᠨ ᠲᠣᠬᠢᠷᠠᠭᠤᠯᠤᠯᠲᠠ ᠶᠢᠨ ᠲᠤᠬᠠᠶ ᠮᠡᠳᠡᠭᠳᠡᠯ︾ ᠨᠡᠶᠢᠲᠡᠯᠡᠪᠡ᠃               ᠡᠨᠡ ᠵᠢᠯ ᠤᠨ ᠬᠠᠩᠰᠢ ᠶᠢᠨ ᠡᠳᠦᠷ ᠪᠣᠯ ᠭᠠᠷᠠᠭ ᠤᠨ ᠭᠤᠷᠪᠠᠨ᠂ 4 ᠰᠠᠷ᠎ᠠ ᠶᠢᠨ 5 ᠤ ᠡᠳᠦᠷ  ᠪᠤᠯᠤᠨ᠎ᠠ᠂ ᠬᠠᠩᠰᠢ ᠶᠢᠨ ᠡᠳᠦᠷ ᠨᠡᠶᠢᠲᠡ 1 ᠡᠳᠦᠷ ᠤᠨ ᠴᠢᠯᠥᠭᠡ ᠲᠠᠯᠪᠢᠨ᠎ᠠ᠂ ᠰᠤᠯᠢᠵᠤ ᠠᠮᠠᠷᠠᠬᠤ ᠦᠭᠡᠢ᠃              ᠵᠠᠯᠭᠠᠭᠠᠳ ᠪᠠᠰᠠ ᠠᠮᠠᠷᠠᠯᠲᠠ ᠪᠠᠶᠢᠨ᠎ᠠ᠃          ᠬᠥᠳᠡᠯᠮᠦᠷᠢᠴᠢᠳ ᠤᠨ ᠪᠠᠶᠠᠷ ᠤᠨ ᠡᠳᠦᠷ 5 ᠡᠳᠦᠷ ᠠᠮᠠᠷᠠᠨ᠎ᠠ᠂ ᠡᠨᠡ ᠵᠢᠯ ᠤᠨ ᠬᠥᠳᠡᠯᠮᠦᠷᠢᠴᠢᠳ ᠤᠨ ᠪᠠᠶᠠᠷ ᠤᠨ ᠡᠳᠦᠷ 4 ᠰᠠᠷ᠎ᠠ ᠶᠢᠨ 29 ᠤ ᠡᠳᠦᠷ ᠠᠴᠠ 5  ᠰᠠᠷ᠎ᠠ ᠶᠢᠨ 3 ᠤ ᠡᠳᠦᠷ ᠪᠣᠯᠲᠠᠯ᠎ᠠ ᠨᠡᠶᠢᠲᠡ 5 ᠡᠳᠦᠷ ᠠᠮᠠᠷᠠᠨ᠎ᠠ᠃ 4 ᠰᠠᠷ᠎ᠠ ᠶᠢᠨ23 ᠤ ᠡᠳᠦᠷ ︵ᠭᠠᠷᠠᠭ ᠤᠨ ᠡᠳᠦᠷ︶᠂ 5 ᠰᠠᠷ᠎ᠠ ᠶᠢᠨ 6 ᠤ ᠡᠳᠦᠷ ︵ᠭᠠᠷᠠᠭ ᠤᠨ  ᠵᠢᠷᠭᠤᠭᠠᠨ︶ ᠲᠤ ᠠᠵᠢᠯᠯᠠᠨ᠎ᠠ᠃               ᠪᠢᠯᠢᠭ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ 3 ᠡᠳᠦᠷ ᠠᠮᠠᠷᠠᠨ᠎ᠠ᠂ ᠡᠨᠡ ᠵᠢᠯ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠲᠤ᠂ 6 ᠰᠠᠷ᠎ᠠ ᠶᠢᠨ 22 ᠤᠨ ᠡᠳᠦᠷ ᠠᠴᠠ 6 ᠰᠠᠷ᠎ᠠ ᠶᠢᠨ 24 ᠤ ᠡᠳᠦᠷ ᠪᠣᠯᠲᠠᠯ᠎ᠠ ᠨᠡᠶᠢᠲᠡ 3 ᠡᠳᠦᠷ ᠠᠮᠠᠷᠠᠨ᠎ᠠ᠂ 6 ᠰᠠᠷ᠎ᠠ ᠶᠢᠨ  25 ᠤ  ᠡᠳᠦᠷ  ︵ᠭᠠᠷᠠᠭ ᠤᠨ  ᠡᠳᠦᠷ︶ ᠠᠵᠢᠯᠯᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1