ᠣᠳᠣᠬᠠᠨ ᠳᠤ᠂ ᠡᠯ᠎ᠡ ᠵᠦᠢᠯ ᠤᠨ ᠲᠥᠯᠦᠪᠦᠷᠢ ᠦᠭᠡᠢ ᠬᠡᠷᠡᠭᠯᠡᠳᠡᠭ App ᠨᠢ ᠬᠥᠮᠦᠰ ᠤᠨ | ᠬᠦᠷᠢᠶᠡᠯᠡᠯ ᠢ ᠶᠡᠬᠡᠳᠡ ᠣᠯᠵᠤ ᠪᠠᠶᠢᠨ᠎ᠠ᠃ ᠴᠥᠭᠡᠨ ᠪᠤᠰᠤ ᠬᠡᠷᠡᠭᠯᠡᠭᠴᠢᠳ ᠬᠢᠮᠳᠠ ᠦᠨ᠎ᠡ ᠶᠢ ᠬᠥᠭᠡᠭᠡᠴᠡᠯᠳᠦᠨ᠂ | ᠡᠳᠡᠭᠡᠷ ᠠᠰᠠᠭᠤᠳᠠᠯ ᠲᠠᠢ App ᠶᠢ ᠦᠨ᠎ᠡ ᠲᠥᠯᠥᠪᠦᠷᠢ ᠦᠭᠡᠶ ᠪᠠᠷ ᠬᠡᠷᠡᠭᠯᠡᠵᠦ᠂ ᠭᠠᠷ ᠤᠲᠠᠰᠤᠨ ᠳᠠᠭᠠᠨ ︽ | ᠮᠤᠨᠢᠲ᠋ᠤᠷ︾ ︵ᠬᠢᠨᠠᠨ ᠡᠵᠡᠮᠰᠢᠭᠴᠢ︶ ᠤᠭᠰᠠᠷᠠᠵᠤ ︽ᠮᠢᠨ᠎ᠠ︾ ᠪᠤᠯᠠᠵᠤ ᠲᠠᠯᠪᠢᠭᠰᠠᠨ ᠲᠠᠢ ᠠᠳᠠᠯᠢ ᠪᠣᠯᠵᠡᠢ᠃ | | 3 · 15 ᠮᠡᠳᠡᠭᠡ ᠵᠠᠩᠭᠢ ᠶᠢᠨ ᠠᠮᠤᠷ ᠲᠦᠪᠰᠢᠨ ᠤ ᠲᠤᠷᠰᠢᠯᠲᠠ ᠶᠢᠨ ᠲᠠᠰᠤᠭ ᠤᠨ ᠮᠡᠷᠭᠡᠵᠢᠯᠲᠡᠨ᠂ | ᠦᠷᠭᠦᠯᠵᠢ ᠬᠡᠷᠡᠭᠯᠡᠳᠡᠭ ᠠᠷᠪᠠᠨ ᠬᠡᠳᠦᠨ ᠵᠦᠢᠯ ᠤᠨ ᠸᠢᠳᠢᠣ᠋ ᠪᠢᠴᠢᠯᠭᠡ᠂ ᠳᠠᠭᠤᠤ ᠬᠥᠭᠵᠢᠮ᠂ ᠲᠤᠭᠤᠵᠢᠰ ᠵᠡᠷᠭᠡ ᠶᠢ | ᠦᠵᠡᠵᠦ ᠰᠤᠨᠤᠰᠬᠤ ᠬᠡᠷᠡᠭᠯᠡᠭᠡᠨ ᠤ ᠵᠥᠭᠡᠯᠡᠨ ᠲᠣᠨᠤᠭ ᠤᠨ ᠲᠠᠶᠢᠯᠤᠭᠰᠠᠨ ᠬᠡᠪᠯᠡᠯ᠂ ᠲᠤᠬᠠᠶᠢᠯᠠᠪᠠᠯ ᠬᠤᠯᠠᠭᠠᠶᠢᠯᠠᠨ | ᠬᠡᠪᠯᠡᠭᠰᠡᠨ ᠬᠡᠪᠯᠡᠯ ᠢ ᠴᠠᠭ ᠲᠤᠬᠠᠶ ᠳᠤᠨᠢ ᠬᠢᠨᠠᠨ ᠰᠢᠯᠭᠠᠵᠤ ᠦᠵᠡᠭᠡᠳ ᠪᠠᠭ᠎ᠠ ᠪᠤᠰᠤ ᠠᠰᠠᠭᠤᠳᠠᠯ ᠲᠠᠢ ᠪᠠᠶᠢᠬᠤ ᠶᠢ | ᠣᠯᠵᠤ ᠮᠡᠳᠡᠵᠡᠶ᠃ ᠨᠢᠭᠡ ᠵᠦᠢᠯ ᠤᠨ ᠸᠢᠳᠢᠣ᠋ App ᠵᠢᠨᠲ᠋ᠦ᠋ᠯᠦᠪᠦᠷᠢ ᠦᠭᠡᠢ ᠬᠡᠷᠡᠭᠯᠡᠳᠡᠭ ᠬᠡᠪᠯᠡᠯ ᠳᠤ᠂ | ᠲᠡᠭᠦᠨ ᠤ ᠠᠯᠪᠠᠨ ᠤ ᠲᠠᠯ᠎ᠠ ᠶᠢᠨ ᠬᠡᠪᠯᠡᠯ ᠲᠠᠢ ᠶᠠᠮᠠᠷ ᠴᠤ ᠬᠤᠯᠪᠣᠭᠳᠠᠯ ᠦᠭᠡᠶ ᠭᠤᠷᠪᠠᠳᠠᠬᠢ ᠡᠲᠡᠭᠡᠳ ᠤᠨ 3 | ᠵᠦᠢᠯ ᠤᠨ ᠵᠠᠯᠭᠠᠭᠠᠰᠤ ᠢᠯᠡᠭᠦᠦ ᠰᠠᠭᠤᠯᠭᠠᠭᠰᠠᠨ ᠢ ᠣᠯᠵᠤ ᠮᠡᠳᠡᠵᠡᠶ᠃ ᠡᠨᠡ ᠡᠳ᠋ ᠨᠢ ᠬᠡᠷᠡᠭᠯᠡᠭᠴᠢ ᠶᠢᠨ ᠪᠣᠶ ᠪᠥᠬᠦᠶ | ᠵᠠᠩᠭᠢᠯᠠᠭ᠎ᠠ ᠶᠢᠨ ᠢᠯᠭᠠᠨ ᠲᠠᠨᠢᠬᠤ ᠴᠢᠮᠡᠭᠡ ᠵᠠᠩᠭᠢ ᠶᠢ ᠴᠥᠮ ᠨᠢᠭᠡ ᠯᠡ ᠳᠡᠭᠡᠷ᠎ᠡ ᠪᠦᠬᠦᠨ ᠢ ᠬᠤᠯᠠᠭᠠᠶᠢᠯᠠᠨ ᠠᠪᠴᠤ | ᠴᠢᠳᠠᠳᠠᠭ ᠪᠥᠭᠡᠳ ᠴᠢᠨᠠᠭᠰᠢᠯᠠᠭᠠᠳ ᠬᠡᠷᠡᠭᠯᠡᠭᠴᠢᠳ ᠲᠤ ᠵᠣᠭᠤᠰ ᠮᠥᠩᠭᠦᠨ ᠤ ᠬᠤᠬᠢᠷᠠᠯ ᠠᠪᠴᠢᠷᠠᠳᠠᠭ ᠶᠤᠮ᠃ | ᠭᠠᠷ ᠤᠲᠠᠰᠤ ᠬᠡᠷᠡᠭᠯᠡᠭᠴᠢᠳ APP ᠤᠭᠰᠠᠷᠠᠬᠤ ᠳᠠᠭᠠᠨ ᠣᠨᠴᠠᠭᠠᠶᠢᠯᠠᠨ ᠪᠣᠯᠭᠤᠮᠵᠢᠯᠠᠭᠠᠷᠠᠢ︕ |