ᠲᠣᠭᠲᠠᠬᠤ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠄ ᠣᠯᠠᠨ ᠲᠦᠮᠡᠨ ᠳᠤ ᠦᠢᠯᠡᠴᠢᠯᠡᠬᠦ ᠳᠤ ᠬᠠᠪᠰᠤᠷᠤᠨ ᠭᠦᠢᠴᠡᠳᠬᠡᠵᠦ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/3/21
      ᠣᠶᠢᠷ᠎ᠠ ᠳᠤ᠂ ᠱᠤᠸᠠᠩ ᠾᠧ ᠪᠠᠯᠭᠠᠰᠤᠨ ᠳᠤ ᠰᠠᠭᠤᠵᠤ ᠪᠠᠶᠢᠭ᠎ᠠ ᠸᠠᠩ ᠭᠠᠩ ᠴᠢᠶᠠᠩ ᠨᠠᠰᠤᠲᠠᠨ ᠳᠤ ︽ᠬᠠᠪᠰᠤᠷᠤᠨ ᠭᠦᠢᠴᠡᠳᠭᠡᠭᠴᠢ ᠶᠢᠨ ᠣᠷᠣᠯᠠᠨ ᠭᠦᠢᠴᠡᠳᠭᠡᠭᠴᠢ ᠶᠢᠨ ᠰᠡᠳᠬᠢᠯ ᠳᠤᠯᠠᠭᠠᠬᠠᠨ ᠦᠢᠯᠡᠴᠢᠯᠡᠭᠡ ᠶᠢ ᠮᠡᠳᠡᠷᠡᠭᠦᠯᠦᠭᠰᠡᠨ ᠳᠤ ᠮᠠᠰᠢ ᠬᠠᠨᠤᠮᠵᠢᠲᠠᠶ ᠪᠠᠶᠢᠨ᠎ᠠ᠃      ᠡᠨᠡ ᠵᠢᠯ ᠠᠴᠠ ᠨᠠᠰᠢ᠂ ᠲᠣᠭᠲᠠᠬᠤ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠭᠦᠢᠴᠡᠳᠬᠡᠵᠦ ᠳᠡᠶᠢᠯᠬᠦ︾ ᠪᠠᠶᠢᠭᠰᠠᠨ ᠠᠴᠠ ︽ᠰᠢᠢᠳᠪᠦᠷᠢᠯᠡᠬᠦ ᠳᠤ ᠠᠮᠠᠷ᠂ ᠭᠦᠢᠴᠡᠳᠬᠡᠬᠦ ᠳᠤ ᠬᠢᠯᠪᠠᠷ᠂ ᠲᠦᠷᠭᠡᠨ ᠭᠦᠢᠴᠡᠳᠬᠡᠬᠦ︾ ᠪᠣᠯᠭᠠᠨ ᠬᠤᠪᠢᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠣᠯᠠᠨ ᠲᠦᠮᠡᠨ ᠤ ᠡᠭᠦᠳᠡᠨ ᠳᠤ ᠬᠦᠷᠭᠡᠵᠦ ᠦᠢᠯᠡᠴᠢᠯᠡᠭᠡᠨ ᠤ ᠣᠶᠢᠯᠠᠭᠠᠭᠳᠠᠬᠤᠨ ᠢᠶᠠᠨ ᠪᠣᠯᠭᠠᠵᠤ᠂ ᠡᠯ᠎ᠡ ᠪᠠᠯᠭᠠᠰᠤ᠂ ᠨᠡᠶᠢᠭᠡᠮ ᠲᠣᠭᠤᠷᠢᠭ ︵ᠲᠣᠰᠬᠤᠨ︶ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠵᠢᠯᠣᠭᠤᠳᠤᠨ ᠵᠣᠬᠢᠴᠠᠭᠤᠯᠵᠠᠢ᠃ ᠡᠭᠦᠨ ᠳᠤ ᠱᠤᠸᠠᠩ ᠾᠧ ᠪᠠᠯᠭᠠᠰᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠣᠳᠣ ᠪᠠᠶᠢᠭ᠎ᠠ ᠡᠬᠢ ᠪᠠᠶᠠᠯᠢᠭ ᠲᠤ ᠲᠦᠰᠢᠭᠯᠡᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠢ ᠪᠠᠶᠢᠭᠤᠯᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠬᠤ ᠶᠢᠨ ᠬᠠᠮᠲᠤ ᠲᠤᠰᠬᠠᠶᠢᠯᠠᠨ ᠭᠡᠷ ᠲᠤᠨᠢ ᠬᠦᠷᠴᠦ ᠦᠢᠯᠡᠴᠢᠯᠡᠭᠡ ᠬᠠᠩᠭᠠᠬᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠭᠡᠭᠴᠢ ᠶᠢ ᠪᠤᠶ ᠪᠣᠯᠭᠠᠵᠤ᠂ ᠨᠠᠰᠤᠲᠠᠶᠢᠴᠤᠳ᠂ ᠵᠡᠮᠳᠡᠭᠴᠦᠳ ᠲᠤ ᠭᠡᠷ ᠲᠤᠨᠢ ᠬᠦᠷᠴᠦ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠬᠤ ᠪᠢᠲᠡᠭᠦᠦ ᠴᠠᠭᠠᠷᠢᠭᠲᠤ ᠦᠢᠯᠡᠴᠢᠯᠡᠭᠡᠨ ᠤ ᠲᠥᠰᠥᠯ ᠢ ᠲᠣᠭᠲᠠᠭᠠᠨ ᠲᠡᠭᠦᠯᠳᠡᠷᠵᠢᠭᠦᠯᠵᠦ᠂ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠵᠦᠢᠯᠡᠰ ᠤᠨ ᠭᠠᠷᠴᠠᠭ ᠢ ᠡᠮᠬᠢᠯᠡᠨ ᠨᠡᠶᠢᠲᠡᠯᠡᠵᠦ᠂ ᠨᠡᠶᠢᠭᠡᠮ ᠤᠨ ᠳᠠᠭᠠᠳᠬᠠᠯ᠂ ᠡᠮᠴᠢᠯᠡᠭᠡ᠂ ᠠᠷᠠᠳ ᠤᠨ ᠶᠠᠪᠤᠳᠠᠯ᠂ ᠠᠮᠢᠳᠤᠷᠠᠯ ᠤᠨ ᠰᠦᠢᠳᠬᠡᠯ ᠲᠤᠰᠢᠶᠠᠬᠤ ᠵᠡᠷᠭᠡ ᠥᠨᠳᠥᠷ ᠳᠠᠪᠲᠠᠮᠵᠢᠲᠤ ᠵᠦᠢᠯᠡᠰ ᠢ ᠭᠤᠣᠯᠳᠠᠯᠭ᠎ᠠ ᠲᠠᠢ ᠠᠩᠬᠠᠷᠴᠤ᠂ ᠣᠯᠠᠨ ᠲᠦᠮᠡᠨ ᠳᠤ ᠲᠠᠰ ᠳᠠᠷᠠᠭᠠᠵᠢᠭᠰᠠᠨ᠂ ᠵᠢᠷᠤᠮᠵᠢᠭᠰᠠᠨ᠂ ᠪᠠᠷᠢᠮᠵᠢᠶᠠᠵᠢᠭᠰᠠᠨ ᠠᠰᠠᠷᠠᠭᠴᠢ ᠮᠠᠶ᠋ᠢᠭ ᠤᠨ ︽ᠵᠢᠵᠢᠭ ᠳᠡᠯᠭᠡᠭᠦᠷ ᠤᠨ ᠬᠤᠶᠠᠳᠤᠭᠠᠷ︾ ᠤᠨ ᠦᠢᠯᠡᠴᠢᠯᠡᠭᠡ ᠬᠠᠩᠭᠠᠨ᠎ᠠ᠃       ︽ᠤᠯᠠᠨ ᠲᠦᠮᠡᠨ ᠤ ᠪᠠᠴᠢᠮᠳᠠᠵᠤ ᠪᠠᠶᠢᠭ᠎ᠠ ᠶᠠᠪᠤᠳᠠᠯ ᠳᠤ ᠪᠠᠴᠢᠮᠳᠠᠵᠤ᠂ ᠤᠯᠠᠨ ᠲᠦᠮᠡᠨ ᠤ ᠪᠤᠳᠤᠵᠤ ᠪᠠᠶᠢᠭ᠎ᠠ ᠶᠠᠪᠤᠳᠠᠯ ᠢ ᠪᠤᠳᠤᠨ᠎ᠠ︾᠃ ᠲᠣᠭᠲᠠᠬᠤ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠢᠮᠠᠭᠲᠠ ᠤᠯᠠᠨ ᠲᠦᠮᠡᠨ ᠤ ᠠᠰᠢᠭ ᠲᠤᠰᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠦᠢᠯᠡᠴᠢᠯᠡᠭᠡᠨ ᠤ ᠡᠭᠦᠷᠭᠡ ᠬᠠᠷᠢᠭᠤᠴᠠᠯᠭ᠎ᠠ ᠶᠢ ᠦᠷᠭᠦᠯᠵᠢᠯᠡᠨ ᠨᠠᠷᠢᠯᠢᠭᠵᠢᠭᠤᠯᠵᠤ᠂ ᠦᠢᠯᠡᠴᠢᠯᠡᠭᠡᠨ ᠤ ᠭᠤᠣᠯᠳᠠᠯᠭ᠎ᠠ ᠶᠢ ᠲᠣᠳᠣᠷᠬᠠᠶᠢᠯᠠᠵᠤ᠂ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠵᠦ᠂ ᠣᠨᠴᠠᠭᠠᠢ ᠬᠠᠮᠲᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠤ ᠲᠦᠬᠦᠮ ᠦᠵᠡᠭᠦᠯᠬᠦ ᠵᠠᠮ ᠢ ᠢᠳᠡᠪᠬᠢᠲᠡᠢ ᠰᠢᠯᠤᠭᠤᠳᠬᠠᠵᠤ᠂ ᠨᠡᠩ ᠥᠨᠳᠥᠷ ᠪᠦᠲᠦᠮᠵᠢᠲᠡᠢ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠤᠯᠠᠨ ᠲᠦᠮᠡᠨ ᠤ ᠠᠵᠢᠯ ᠶᠠᠪᠤᠳᠠᠯ ᠡᠷᠬᠢᠯᠡᠬᠦ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠡᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1