ᠲᠣᠭᠲᠠᠬᠤ ᠴᠠᠬᠢᠯᠭᠠᠨ ᠦᠢᠯᠡᠳᠪᠦᠷᠢ ᠶᠢᠨ ᠺᠣᠮᠫᠠᠨᠢ᠄ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2023/3/21
       ᠲᠣᠭᠲᠠᠬᠤ ᠴᠠᠬᠢᠯᠭᠠᠨ ᠦᠢᠯᠡᠳᠪᠦᠷᠢ ᠶᠢᠨ ᠺᠣᠮᠫᠠᠨᠢ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ+︾ ᠭᠤᠣᠯᠳᠠᠯᠭ᠎ᠠ ᠲᠠᠢ ᠲᠦᠷᠦᠯ ᠵᠦᠢᠯ ᠤᠨ ᠪᠣᠭᠤᠮᠲᠠ ᠰᠢᠪᠲᠤᠯᠬᠤ ᠶᠢ ᠨᠠᠮ ᠤᠨ ᠪᠠᠶᠢᠭᠤᠯᠤᠯᠲᠠ ᠶᠢᠨ ᠠᠭᠤᠰᠤᠯᠴᠠᠯ ᠤᠨ ᠭᠤᠣᠯ ᠠᠵᠢᠯ ᠤᠨ ᠴᠢᠬᠤᠯᠠ ᠤᠶᠠᠯᠳᠤᠯ ᠤᠨ ᠴᠡᠭ ᠪᠣᠯᠭᠠᠵᠤ᠂ ︽ᠰᠦᠭ ᠰᠦᠨᠡᠰᠦ ᠶᠢ ᠱᠤᠭᠤᠬᠤ᠂ ᠰᠠᠭᠤᠷᠢ ᠶᠢ ᠪᠠᠲᠤᠳᠬᠠᠬᠤ᠂ ᠴᠢᠳᠠᠪᠤᠷᠢ ᠶᠢ ᠳᠡᠭᠡᠭᠰᠢᠯᠡᠭᠦᠯᠬᠦ︾ 3 ᠬᠠᠷᠠᠯᠲᠠ ᠪᠠᠷ ᠬᠥᠲᠥᠯᠥᠨ ᠳᠠᠭᠠᠭᠤᠯᠵᠤ᠂ ᠨᠠᠮ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ+︾ ᠰᠠᠶᠢᠨ ᠰᠠᠶᠢᠬᠠᠨ ᠠᠵᠢᠯ ᠤᠨ ᠪᠠᠶᠢᠷᠢᠰᠢᠯ ᠢ ᠪᠦᠷᠢᠯᠳᠦᠭᠦᠯᠵᠦ᠂ ᠨᠠᠮ ᠤᠨ ᠤᠯᠤᠰ ᠲᠦᠷᠦ ᠶᠢᠨ ᠳᠠᠪᠠᠭᠤᠯᠢᠭ ᠢ ᠠᠵᠤ ᠠᠬᠤᠶᠢᠯᠠᠯ ᠤᠨ ᠬᠥᠭᠵᠢᠯᠲᠡ᠂ ᠥᠷᠢᠰᠦᠯᠳᠦᠭᠡᠨ ᠤ ᠳᠠᠪᠠᠭᠤᠯᠢᠭ ᠪᠣᠯᠭᠠᠨ ᠬᠤᠪᠢᠷᠠᠭᠤᠯᠵᠤ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠪᠠᠲᠤ ᠰᠠᠭᠤᠷᠢ ᠶᠢ ᠪᠠᠬᠢᠵᠢᠭᠦᠯᠪᠡ᠃
     ᠨᠠᠮ ᠤᠨ ᠪᠠᠶᠢᠭᠤᠯᠤᠯᠲᠠ ᠶᠢ ᠬᠥᠭᠵᠢᠭᠡᠵᠦ ︽ᠡᠬᠢ ᠡᠭᠦᠰᠦᠯ ᠤᠨ ᠬᠥᠳᠡᠯᠭᠡᠭᠦ ᠬᠦᠴᠦᠨ︾ ᠢ ᠬᠥᠲᠥᠯᠥᠨ ᠳᠠᠭᠠᠭᠤᠯᠤᠨ᠎ᠠ      ᠲᠤᠰ ᠺᠣᠮᠫᠠᠨᠢ ᠬᠥᠮᠦᠵᠢᠯ ᠪᠣᠯᠪᠠᠰᠤᠷᠠᠯ ᠢ ᠪᠣᠳᠠᠲᠠᠢ ᠠᠳᠬᠤᠵᠤ᠂ ︽ᠨᠢᠭᠡᠳᠦᠭᠡᠷ ᠵᠥᠪᠯᠡᠬᠦ ᠰᠡᠳᠦᠪ︾ ᠤᠨ ᠳᠦᠷᠢᠮ ᠢ ᠭᠦᠨᠵᠡᠭᠡᠶᠢᠷᠡᠭᠦᠯᠵᠦ᠂ ᠰᠠᠷ᠎ᠠ ᠪᠦᠷᠢ ᠨᠢᠭᠡ ᠭᠤᠣᠯ ᠰᠡᠳᠦᠪ ᠭᠠᠷᠭᠠᠬᠤ ᠶᠢ ᠪᠠᠷᠢᠮᠲᠠᠯᠠᠵᠤ᠂ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠭᠤᠣᠯᠳᠠᠯᠭ᠎ᠠ ᠲᠠᠢ ᠲᠦᠷᠦᠯ ᠵᠦᠢᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠶᠢ ᠥᠷᠨᠢᠭᠦᠯᠵᠡᠢ᠃ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ +︾ ᠭᠤᠣᠯᠳᠠᠯᠭ᠎ᠠ ᠲᠠᠢ ᠲᠦᠷᠦᠯ ᠵᠦᠢᠯ ᠤᠨ ᠫᠠᠶᠢᠰᠠ ᠡᠯᠭᠦᠬᠦ ᠶᠣᠰᠣᠯᠠᠯ ᠢ ᠡᠷᠬᠢᠯᠡᠵᠦ᠂ ᠴᠢᠬᠤᠯᠠ ᠡᠭᠦᠷᠭᠡ ᠶᠢᠨ ᠵᠠᠩᠭᠢᠯᠠᠭ᠎ᠠ ᠶᠢᠨ ᠦᠶ᠎ᠡ ᠳᠤ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠲᠠᠬᠢᠨ ᠰᠠᠨᠠᠭᠠᠯᠵᠠᠬᠤ᠂ ᠤᠯᠤᠰ ᠲᠦᠷᠦ ᠶᠢᠨ ᠲᠦᠷᠦᠭᠰᠡᠨ ᠡᠳᠦᠷ ᠢ ᠪᠡᠯᠭᠡᠯᠡᠬᠦ ᠠᠵᠢᠯᠯᠠᠭ᠎ᠠ ᠶᠢ ᠥᠷᠨᠢᠭᠦᠯᠵᠦ᠂ ᠨᠠᠮ ᠤᠨ ᠭᠡᠰᠢᠭᠦᠨ ᠤ ᠪᠡᠶ᠎ᠡ ᠶᠢᠨ ᠭᠠᠷᠤᠯ ᠢ ᠮᠡᠳᠡᠷᠡᠬᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠶᠢ ᠰᠡᠷᠭᠦᠭᠡᠵᠦ᠂ ᠳᠣᠲᠣᠭᠠᠳᠤ ᠬᠥᠭᠵᠢᠯᠲᠡ ᠶᠢᠨ ᠬᠥᠳᠡᠯᠭᠡᠭᠦ ᠬᠦᠴᠦᠨ ᠢ ᠬᠥᠭᠵᠢᠭᠡᠪᠡ᠃ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠣᠶᠣᠯ ᠤᠨ ᠳᠠᠮᠵᠢᠭᠤᠯᠭ᠎ᠠ ᠶᠢᠨ ᠠᠴᠢᠶᠠᠯᠠᠪᠤᠷᠢ ᠶᠢ ᠵᠢᠷᠤᠵᠤ ᠲᠥᠯᠥᠪᠯᠡᠨ᠂ ᠠᠵᠢᠯᠲᠠᠨ ᠠᠵᠢᠯᠴᠢᠨ ᠤ ᠠᠵᠤ ᠠᠬᠤᠶᠢᠯᠠᠯ ᠤᠨ ᠵᠣᠷᠢᠭ ᠰᠠᠨᠠᠭᠠᠨ ᠳᠤ ᠠᠭᠤᠰᠤᠨ ᠣᠷᠣᠬᠤ ᠶᠢ ᠠᠬᠢᠭᠤᠯᠵᠤ ᠭᠦᠨ ᠭᠦᠨᠵᠡᠭᠡᠢ ᠬᠠᠮᠲᠤ ᠶᠢᠨ ᠲᠠᠨᠢᠯᠲᠠ ᠲᠠᠢ ᠪᠣᠯᠭᠠᠵᠤ᠂ ᠠᠵᠤ ᠠᠬᠤᠶᠢᠯᠠᠯ ᠤᠨ ᠰᠣᠶᠣᠯ ᠢ ︽ᠨᠠᠮ ᠤᠨ ᠪᠠᠶᠢᠭᠤᠯᠤᠯᠲᠠ ᠶᠢᠨ ᠬᠥᠲᠥᠯᠥᠮᠵᠢ +︾ ᠠᠵᠢᠯ ᠤᠨ ᠳᠤᠮᠳᠠ ᠲᠠᠰᠤᠷᠠᠯᠳᠠ ᠦᠭᠡᠢ ᠭᠦᠨ ᠦᠨᠳᠦᠰᠦᠯᠡᠭᠦᠯᠦᠨ᠎ᠡ᠃
     ᠨᠠᠮ ᠤᠨ ᠪᠠᠶᠢᠭᠤᠯᠤᠯᠲᠠ ᠶᠢ ᠬᠥᠭᠵᠢᠭᠡᠵᠦ ︽ᠳᠠᠶᠢᠴᠢᠨ ᠬᠦᠴᠦᠨ︾ ᠢ ᠬᠥᠲᠥᠯᠥᠨ ᠳᠠᠭᠠᠭᠤᠯᠤᠨ᠎ᠠ      ᠲᠣᠰ ᠺᠣᠮᠫᠠᠨᠢ ᠨᠢ ︽ᠨᠠᠮ ᠤᠨ ᠪᠠᠶᠢᠭᠤᠯᠤᠯᠲᠠ ᠶᠢᠨ ᠬᠥᠲᠥᠯᠥᠮᠵᠢ +︾ ᠶᠢ ᠡᠭᠦᠷ ᠤᠨ ᠵᠥᠪᠯᠡᠯ ᠤᠨ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠰᠠᠷ᠎ᠠ ᠪᠦᠷᠢ ᠨᠠᠮ ᠤᠨ ᠡᠭᠦᠷ ᠢ ᠵᠣᠬᠢᠶᠠᠨ ᠪᠠᠶᠢᠭᠤᠯᠤᠨ ︽ᠨᠠᠮ ᠤᠨ ᠪᠠᠶᠢᠭᠤᠯᠤᠯᠲᠠ ᠶᠢᠨ ᠬᠥᠲᠥᠯᠥᠮᠵᠢ +︾ ᠲᠤᠰᠬᠠᠢ ᠠᠵᠢᠯ ᠢ ᠰᠤᠳᠤᠯᠵᠤ᠂ ᠠᠵᠢᠯ ᠤᠨ ᠦᠷ᠎ᠡ ᠪᠦᠲᠦᠭᠡᠯ ᠢᠶᠠᠨ ᠳ᠋ᠦᠩᠨᠡᠨ᠎ᠡ ᠭᠡᠵᠦ ᠲᠣᠳᠣᠷᠬᠠᠢ ᠲᠣᠭᠲᠠᠭᠠᠵᠠᠢ᠃ ᠨᠠᠮ ᠤᠨ ᠪᠠᠶᠢᠭᠤᠯᠤᠯᠲᠠ ᠶᠢᠨ ᠲᠣᠭᠲᠠᠮᠠᠯ ᠬᠤᠷᠠᠯ ᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠤᠯᠠᠷᠢᠯ ᠪᠦᠷᠢ ᠳᠤ 2 ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠨᠠᠮ ᠤᠨ ᠡᠭᠦᠷ ᠢ ᠰᠣᠩᠭᠤᠵᠤ᠂ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ +︾ ᠠᠵᠢᠯ ᠤᠨ ᠲᠤᠷᠰᠢᠯᠭ᠎ᠠ ᠪᠠᠨ ᠰᠣᠯᠢᠯᠴᠠᠨ᠎ᠠ᠃ ︽ᠨᠠᠮ ᠤᠨ ᠪᠠᠶᠢᠭᠤᠯᠤᠯᠲᠠ ᠶᠢᠨ ᠰᠢᠯᠭᠠᠨ ᠦᠨᠡᠯᠡᠯᠲᠡ︾ ᠶᠢ ᠪᠣᠳᠠᠲᠠᠶᠢᠵᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠪᠢᠴᠢᠭ ᠲᠤ ᠱᠠᠲᠤ ᠳᠠᠷᠠᠭᠠᠯᠠᠨ ᠭᠠᠷ ᠤᠨ ᠦᠰᠦᠭ ᠵᠢᠷᠤᠵᠤ᠂ ︽ᠨᠠᠮ ᠤᠨ ᠪᠠᠶᠢᠭᠤᠯᠤᠯᠲᠠ ᠶᠢᠨ ᠬᠥᠲᠥᠯᠥᠮᠵᠢ +︾ ᠦᠷ᠎ᠡ ᠪᠦᠲᠦᠭᠡᠯ ᠢ ᠨᠡᠶᠢᠲᠡᠯᠡᠬᠦ ᠬᠤᠷᠠᠯ ᠬᠢᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠪᠠ᠃ ︽ᠰᠠᠭᠤᠷᠢ ᠪᠠᠲᠤᠯᠠᠭ᠎ᠠ︾ ᠶᠢ ᠴᠢᠩᠭᠠᠳᠬᠠᠵᠤ᠂ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ +︾ ᠠᠵᠢᠯ ᠤᠨ ᠵᠢᠯᠤᠭᠤᠳᠬᠤ ᠭᠠᠷ ᠳᠡᠪᠲᠡᠷ ᠢ ᠲᠣᠭᠲᠠᠭᠠᠵᠤ᠂ ᠰᠡᠳᠦᠪ ᠲᠣᠭᠲᠠᠭᠠᠬᠤ᠂ ᠬᠡᠷᠡᠭᠵᠢᠭᠦᠯᠬᠦ ᠲᠥᠰᠥᠯ᠂ ᠪᠣᠳᠠᠲᠠᠢ ᠠᠵᠢᠯᠯᠠᠭ᠎ᠠ᠂ ᠦᠷ᠎ᠡ ᠪᠦᠲᠦᠭᠡᠯ ᠤᠨ ᠳ᠋ᠦᠩᠨᠡᠯᠲᠡ ᠶᠢ ᠬᠢᠨᠠᠨ ᠵᠢᠯᠤᠭᠤᠳᠬᠤ ᠶᠢ ᠴᠢᠩᠭᠠᠳᠬᠠᠵᠤ᠂ ᠬᠠᠨᠳᠤᠯᠭᠠᠲᠤ ᠮᠠᠶ᠋ᠢᠭ ᠤᠨ ᠪᠦᠲᠦᠭᠡᠨ ᠪᠠᠶᠢᠭᠤᠯᠤᠯᠲᠠ᠂ ᠵᠤᠷᠪᠤᠰ ᠤᠨ ᠮᠠᠶ᠋ᠢᠭ ᠤᠨ ᠲᠦᠯᠬᠢᠨ ᠠᠬᠢᠭᠤᠯᠤᠯᠲᠠ ᠳᠤ ︽ᠪᠦᠬᠦ ᠦᠵᠡᠮᠵᠢ ᠶᠢᠨ ᠵᠢᠷᠤᠭ︾ ᠢ ᠬᠠᠩᠭᠠᠨ᠎ᠠ᠃
     ᠨᠠᠮ ᠤᠨ ᠪᠠᠶᠢᠭᠤᠯᠤᠯᠲᠠ ᠶᠢᠨ ︽ᠬᠥᠭᠵᠢᠯᠲᠡ ᠶᠢᠨ ᠬᠦᠴᠦᠨ︾ ᠢ ᠬᠥᠲᠥᠯᠥᠨ  ᠲᠠᠭᠠᠭᠤᠯᠤᠨ᠎ᠠ      ᠲᠣᠰ ᠺᠣᠮᠫᠠᠨᠢ ᠠᠮᠤᠷ ᠲᠦᠪᠰᠢᠨ ᠤ ᠭᠤᠣᠯ ᠰᠡᠳᠦᠪ ᠤᠨ ᠲᠣᠭᠤᠷᠢᠨ ᠳᠤ ︽ᠭᠤᠣᠯ ᠰᠡᠳᠦᠪᠲᠦ ᠨᠠᠮ ᠤᠨ ᠡᠳᠦᠷᠯᠢᠭ︾ ᠤᠨ ᠬᠡᠯᠪᠡᠷᠢ ᠶᠢᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ︽ᠰᠤᠷᠤᠯᠴᠠᠯᠭ᠎ᠠ᠂ ᠠᠮᠤᠷ ᠲᠦᠪᠰᠢᠨ᠂ ᠠᠷᠭ᠎ᠠ ᠤᠬᠠᠭᠠᠨ ᠭᠠᠷᠭᠠᠬᠤ ᠭᠤᠣᠯ ᠰᠡᠳᠦᠪᠲᠦ ᠨᠠᠮ ᠤᠨ ᠡᠳᠦᠷᠯᠢᠭ︾ ᠢᠶᠠᠷ ᠳᠠᠮᠵᠢᠭᠤᠯᠤᠨ᠂ ᠭᠤᠣᠯᠳᠠᠯᠭ᠎ᠠ ᠲᠠᠢ ᠲᠥᠷᠥᠯ ᠵᠦᠢᠯ ᠢ ᠲᠦᠯᠬᠢᠨ ᠠᠬᠢᠭᠤᠯᠬᠤ ᠶᠠᠷᠢᠯᠴᠠᠬᠤ ᠬᠤᠷᠠᠯ᠂ ᠲᠥᠷᠥᠯ ᠵᠦᠢᠯ ᠤᠨ ᠪᠡᠷᠬᠡ ᠰᠡᠳᠦᠪ ᠢ ᠰᠢᠢᠳᠪᠦᠷᠢᠯᠡᠬᠦ ᠲᠤᠰᠬᠠᠢ ᠰᠤᠳᠤᠯᠤᠨ ᠶᠠᠷᠢᠯᠴᠠᠬᠤ ᠵᠡᠷᠭᠡ ᠶᠢ ᠬᠤᠷᠠᠯᠳᠤᠭᠤᠯᠪᠠ︔ ︽ᠠᠮᠤᠷ ᠲᠦᠪᠰᠢᠨ ᠢ ᠪᠠᠲᠤᠯᠠᠬᠤ ᠂ ᠰᠣᠳᠣᠨ ᠪᠦᠲᠦᠭᠡᠯ ᠡᠭᠦᠳᠬᠦ᠂ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ︾ ᠪᠠᠷ ᠭᠤᠣᠯ ᠰᠡᠳᠦᠪ ᠪᠣᠯᠭᠠᠵᠤ᠂ ᠪᠠᠶᠢᠴᠠᠭᠠᠨ ᠵᠠᠰᠠᠬᠤ ᠲᠤᠬᠠᠢ ᠶᠢᠨ ᠲᠠᠯᠠᠪᠤᠷ ᠤᠨ ︽ᠭᠤᠷᠪᠠᠨ ᠠᠵᠢᠯ ᠤᠨ ᠪᠠᠶᠢᠷᠢ ᠭᠤᠷᠪᠠᠨ ᠲᠣᠭᠤᠷᠢᠭ︾ ᠢ ᠪᠣᠶ ᠪᠣᠯᠭᠠᠵᠤ᠂ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ + ᠪᠡᠶ᠎ᠡ ᠪᠠᠨ ᠳᠠᠭᠠᠭᠠᠵᠤ ᠪᠠᠶᠢᠴᠠᠭᠠᠨ ᠵᠠᠰᠠᠬᠤ︾ ᠪᠠᠷ ᠵᠢᠯ ᠪᠦᠷᠢ ᠳᠤᠮᠳᠠᠴᠢ ᠪᠠᠷ 5 ᠰᠠᠤᠷᠢ ᠪᠡᠶ᠎ᠡ ᠪᠠᠨ ᠳᠠᠭᠠᠭᠠᠭᠰᠠᠨ ᠲᠠᠰ ᠤᠨ ᠪᠠᠶᠢᠴᠠᠭᠠᠨ ᠵᠠᠰᠠᠬᠤ ᠪᠠ 30 ᠭᠠᠷᠤᠢ ᠰᠠᠤᠷᠢ ᠤᠳᠠᠭ᠎ᠠ ᠪᠡᠶ᠎ᠡ ᠪᠠᠨ ᠳᠠᠭᠠᠭᠠᠵᠤ ᠲᠦᠷ ᠵᠠᠰᠠᠵᠤ ᠴᠢᠨᠠᠷ ᠰᠠᠶᠢᠲᠠᠢ ᠪᠡᠶᠡᠯᠡᠭᠦᠯᠬᠦ ᠶᠢ ᠪᠡᠶᠡᠯᠡᠭᠦᠯᠪᠡ᠃ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠲᠣᠣᠷ ᠤᠨ ᠬᠠᠮᠢᠶᠠᠷᠤᠯᠲᠠ ᠶᠢᠨ ᠭᠤᠣᠯᠳᠠᠯᠭ᠎ᠠ ᠲᠠᠢ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠰᠦᠪᠡᠭᠴᠢᠯᠡᠵᠦ᠂ ᠨᠠᠮ ᠤᠨ ᠡᠭᠦᠷ ︱ ᠨᠠᠮ ᠤᠨ ᠳᠤᠭᠤᠶᠢᠯᠠᠩ ︱ ᠨᠠᠮ ᠤᠨ ᠭᠡᠰᠢᠭᠦᠨ ᠭᠤᠷᠪᠠᠨ ᠱᠠᠲᠤ ᠶᠢ ᠵᠣᠯᠭᠠᠭᠤᠯᠬᠤ ᠠᠵᠢᠯ ᠤᠨ ᠵᠠᠭᠪᠤᠷ ᠢ ᠪᠠᠶᠢᠭᠤᠯᠵᠤ᠂ ᠬᠤᠯᠪᠤᠭᠠᠯᠠᠨ ᠬᠥᠳᠡᠯᠦᠯᠴᠡᠬᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠴᠢᠳᠠᠪᠤᠷᠢ ᠶᠢ ᠭᠦᠢᠴᠡᠳ ᠪᠠᠳᠠᠷᠠᠭᠤᠯᠤᠨ᠎ᠠ᠃
     ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠲᠣᠭᠠᠴᠢᠯᠠᠭᠰᠠᠨ ᠴᠢᠳᠠᠪᠤᠷᠢ ᠶᠢ ᠣᠯᠭᠤᠬᠤ᠂ ᠲᠣᠭᠲᠠᠴᠠ ᠶᠢᠨ ᠰᠢᠨ᠎ᠡ ᠶᠢ ᠡᠭᠦᠳᠦᠨ᠎ᠡ      ᠲᠤᠰ ᠺᠣᠮᠫᠠᠨᠢ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ+︾ ᠶᠢ ᠬᠡᠷᠡᠭᠵᠢᠭᠦᠯᠦᠭᠰᠡᠨ ᠠᠴᠠ ᠨᠠᠰᠢ᠂ ᠦᠢᠯᠡᠳᠪᠦᠷᠢᠯᠡᠯ ᠡᠵᠡᠩᠨᠡᠯᠲᠡ ᠶᠢᠨ ᠠᠵᠢᠯ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ ᠨᠢᠭᠡᠳᠦᠭᠡᠷ ᠬᠤᠭᠤᠴᠠᠭᠠᠨ ᠤ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠬᠤᠶᠠᠳᠤᠭᠠᠷ ᠬᠤᠭᠤᠴᠠᠭᠠᠨ ᠤ ᠡᠬᠢ ᠪᠠᠶᠠᠯᠢᠭ ᠤᠨ ᠥᠷᠭᠡᠵᠢᠯ ᠢ ᠬᠠᠮᠵᠢᠯᠴᠠᠨ ᠠᠬᠢᠭᠤᠯᠵᠤ᠂ ︽ᠭᠤᠷᠪᠠᠨ ᠥᠭᠡᠷᠡᠴᠢᠯᠡᠯᠲᠡ ᠶᠢ ᠬᠤᠯᠪᠣᠯᠳᠤᠭᠤᠯᠬᠤ︾ ᠶᠢ ᠲᠦᠷᠭᠡᠨ ᠪᠥᠭᠡᠳ ᠲᠣᠭᠲᠠᠭᠤᠨ ᠢᠶᠠᠷ ᠠᠬᠢᠭᠤᠯᠵᠤ᠂ 16 ᠵᠢᠯ ᠳᠠᠷᠠᠭᠠᠯᠠᠨ ᠠᠶᠤᠯᠭᠦᠢ ᠦᠢᠯᠡᠳᠪᠦᠷᠢᠯᠡᠯ ᠤᠨ ᠠᠵᠢᠯᠯᠠᠭᠠᠨ ᠢ ᠪᠠᠲᠤᠯᠠᠵᠤ᠂ ᠶᠡᠷᠦᠩᠬᠡᠶᠢᠯᠡᠭᠰᠡᠨ ᠡᠨᠧᠷᠭᠢ ᠶᠢᠨ ᠵᠢᠱᠢᠶ᠎ᠡ ᠦᠵᠡᠭᠦᠯᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠰᠢᠨ᠎ᠡ ᠠᠯᠬᠤᠮ ᠢ ᠠᠯᠬᠤᠵᠠᠢ᠃      ᠲᠠᠷᠠᠭᠠᠴᠢ ᠶᠢᠨ ᠠᠯᠬᠤᠮ ᠳᠤ᠂ ᠲᠣᠭᠲᠠᠬᠤ ᠴᠠᠬᠢᠯᠭᠠᠨ‌ᠦᠢᠯᠡᠳᠪᠦᠷᠢ ᠶᠢᠨ ᠺᠣᠮᠫᠠᠨᠢ ᠶᠢᠨ ᠬᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠠᠷᠳᠠᠬᠤ ᠴᠡᠭ᠂ ᠤᠶᠠᠯᠳᠤᠯ ᠤᠨ ᠴᠡᠭ ᠢ ᠦᠷᠭᠦᠯᠵᠢᠯᠡᠨ ᠣᠨᠣᠪᠴᠢᠲᠠᠢ ᠡᠷᠢᠨ ᠣᠯᠵᠤ᠂ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ +︾ ᠠᠵᠢᠯ ᠢ ᠭᠦᠨᠵᠡᠭᠡᠢ ᠪᠥᠭᠡᠳ ᠪᠣᠳᠠᠲᠠᠶᠢᠵᠢᠭᠤᠯᠵᠤ᠂ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠦᠨ᠎ᠡ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1