ᠠᠷᠠᠳ ᠠᠴᠠ ᠡᠵᠡᠩᠨᠡᠭᠰᠡᠨ ᠡᠮᠨᠡᠯᠭᠡ ᠶᠢ ᠲᠣᠭᠲᠠᠭᠰᠠᠨ ᠳᠠᠭᠠᠳᠬᠠᠯ ᠤᠨ ᠴᠡᠭ ᠲᠤ ᠣᠷᠣᠭᠤᠯᠬᠤ ᠶᠢ ᠲᠠᠲᠠᠭᠠᠯᠵᠠᠵᠤ ᠪᠣᠯᠬᠤ ᠦᠭᠡᠢ
ᠨᠡᠶᠢᠲᠡᠯᠡᠭᠰᠡᠨ ᠴᠠᠭ᠄
2023/3/21
      ᠡᠨᠡ ᠤᠳᠠᠭᠠᠨ ᠤ ︽ᠪᠦᠬᠦ ᠤᠯᠤᠰ ᠤᠨ ᠬᠤᠶᠠᠷ ᠬᠤᠷᠠᠯ︾ ᠤᠨ ᠬᠤᠭᠤᠴᠠᠭᠠᠨ ᠳᠤ ᠵᠠᠷᠢᠮ ᠠᠷᠠᠳ ᠤᠨ ᠲᠥᠯᠥᠭᠡᠯᠡᠭᠴᠢ ᠶᠢᠨ ᠳᠤᠷᠠᠳᠤᠭᠰᠠᠨ ᠠᠷᠠᠳ ᠠᠴᠠ ᠡᠵᠡᠩᠨᠡᠭᠰᠡᠨ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠡᠭ  ᠤᠨ ᠬᠠᠮᠢᠶᠠᠷᠤᠯᠲᠠ ᠶᠢ ᠳᠦᠷᠢᠮᠵᠢᠭᠦᠯᠬᠦ ᠲᠤᠬᠠᠢ ᠰᠠᠨᠠᠯ ᠳᠤ ᠴᠢᠭᠯᠡᠭᠦᠯᠵᠦ᠂ ᠤᠯᠤᠰ ᠤᠨ ᠡᠮ ᠡᠮᠨᠡᠯᠭᠡ ᠶᠢᠨ ᠪᠠᠲᠤᠯᠠᠭᠠᠨ ᠤ ᠲᠣᠪᠴᠢᠶ᠎ᠠ ᠣᠶᠢᠷ᠎ᠠ ᠳᠤ ᠬᠠᠷᠢᠭᠤᠯᠲᠠ ᠥᠭᠭᠦᠯ᠎ᠡ᠂ ᠲᠤᠬᠠᠶᠢᠯᠠᠪᠠᠯ ᠡᠮ ᠡᠮᠨᠡᠯᠭᠡ ᠶᠢᠨ ᠪᠠᠲᠤᠯᠠᠭᠠᠨ ᠤ ᠰᠠᠯᠠᠭ᠎ᠠ ᠮᠥᠴᠢᠷ ᠠᠴᠠ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠡᠭ ᠤᠨ ᠣᠷᠣᠨ ᠲᠤᠭ᠎ᠠ ᠳᠦᠭᠦᠷᠦᠭᠰᠡᠨ ᠵᠡᠷᠭᠡ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠲᠠᠢ ᠬᠠᠮᠢᠶ᠎ᠠ ᠦᠭᠡᠢ ᠰᠢᠯᠲᠠᠭ ᠢᠶᠠᠷ ᠨᠡᠶᠢᠭᠡᠮ  ᠠᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠡᠭ ᠲᠤ ᠣᠷᠣᠬᠤ ᠶᠢ ᠲᠠᠲᠠᠭᠠᠯᠵᠠᠵᠤ ᠪᠣᠯᠬᠤ ᠦᠭᠡᠢ᠃ ᠨᠥᠬᠦᠴᠡᠯ ᠳᠤ ᠨᠡᠶᠢᠴᠡᠭᠰᠡᠨ ᠠᠷᠠᠳ ᠠᠴᠠ ᠡᠵᠡᠩᠨᠡᠭᠰᠡᠨ ᠡᠮᠴᠢᠯᠡᠭᠡᠨ  ᠤ ᠪᠠᠶᠢᠭᠤᠯᠤᠮᠵᠢ ᠪᠦᠷ ᠡᠮᠴᠢᠯᠡᠭᠡᠨ ᠤ ᠳᠠᠭᠠᠳᠬᠠᠯ ᠤᠨ ᠭᠡᠷ᠎ᠡ ᠲᠣᠭᠲᠠᠬᠤ ᠪᠠᠷ ᠳᠠᠮᠵᠢᠵᠤ᠂ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠡᠭ ᠤᠨ ᠬᠠᠮᠢᠶᠠᠷᠤᠯᠲᠠ ᠳᠤ ᠣᠷᠣᠬᠤ ᠪᠠᠷ ᠡᠷᠡᠮᠡᠯᠵᠡᠵᠦ ᠪᠣᠯᠣᠨ᠎ᠠ ᠭᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1