ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/23
      3 ᠳ᠋ᠤᠭᠠᠷ ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠸ ᠵᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 4 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ︽ᠲᠣᠭᠲᠠᠬᠤ ᠰᠢᠶᠠᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 ︱ 2035︶︾᠂ ︽ᠲᠣᠭᠲᠠᠬᠤ ᠰᠢᠶᠠᠨ ᠤ 2023 ᠣᠨ ᠤ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠵᠢᠴᠢ ᠡᠭᠦᠷᠭᠡ ᠶᠢᠨ ᠨᠠᠷᠢᠨ ᠲᠠᠩᠰᠠ︾᠂ ︽ᠲᠣᠭᠲᠠᠬᠤ ᠰᠢᠶᠠᠨ ᠤ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠥᠯᠦᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠶᠠᠪᠤᠳᠠᠯ ᠢ ᠰᠤᠳᠤᠯᠤᠨ ᠶᠠᠷᠢᠯᠴᠠᠵᠤ᠂ ᠡᠯ᠎ᠡ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠤᠳᠤᠯᠤᠨ ᠶᠠᠷᠢᠯᠴᠠᠭᠰᠠᠨ ᠪᠥᠭᠡᠳ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠢ ᠬᠠᠮᠢᠶᠠᠷᠤᠨ ᠬᠠᠮᠠᠭᠠᠯᠠᠬᠤ ᠲᠥᠪ᠂ ᠡᠯ᠎ᠡ ᠰᠠᠯᠠᠭ᠎ᠠ ᠮᠥᠴᠢᠷ ᠤᠨ ᠬᠢᠨ ᠠᠵᠤ ᠦᠢᠯᠡᠰ ᠪᠣᠯᠣᠨ ᠠᠵᠢᠯ ᠣᠯᠭᠤᠯᠲᠠ ᠶᠢᠨ ︽ᠬᠤᠶᠠᠷ ᠵᠠᠩᠭᠢᠯᠠᠭ᠎ᠠ︾ ᠶᠢ ᠰᠠᠶᠢᠲᠤᠷ ᠠᠳᠬᠤᠵᠤ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠡᠷᠢᠵᠦ᠂ ᠠᠵᠤ ᠦᠢᠯᠡᠰ ᠢ ᠥᠷᠭᠡᠳᠬᠡᠵᠦ᠂ ᠣᠨᠴᠠᠯᠢᠭᠲᠤ ᠠᠵᠤ ᠦᠢᠯᠡᠰ ᠤᠨ ᠲᠣᠭᠲᠠᠭᠤᠨ ᠢᠶᠠᠷ ᠤᠷᠤᠭᠰᠢᠯᠠᠬᠤ ᠶᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠭᠠᠷᠤᠯᠲᠠ ᠶᠢ ᠲᠣᠭᠲᠠᠪᠤᠷᠢᠵᠢᠭᠤᠯᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠪᠠᠬᠢᠵᠢᠭᠦᠯᠬᠦ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠥᠷᠭᠡᠳᠬᠡᠬᠦ ᠡᠭᠦᠷᠭᠡ ᠶᠢ ᠴᠢᠩᠭ᠎ᠠ ᠠᠳᠬᠤᠵᠤ ᠂ ᠵᠣᠯᠭᠠᠭᠤᠯᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠦᠷᠭᠦᠯᠵᠢᠯᠡᠨ ᠠᠬᠢᠭᠤᠯᠬᠤ ᠬᠡᠷᠡᠭᠲᠡᠢ᠃ ᠮᠠᠨ ᠤ ᠰᠢᠶᠠᠨ ᠤ ᠨᠠᠰᠤᠨ ᠳᠤ ᠦᠯᠤ ᠬᠥᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠢ ᠲᠠᠰᠤᠷᠠᠯᠳᠠ ᠦᠭᠡᠢ ᠲᠦᠯᠬᠢᠨ ᠠᠬᠢᠭᠤᠯᠵᠤ ᠰᠢᠨ᠎ᠡ ᠳᠡᠭᠲᠡᠷ ᠲᠤ ᠭᠠᠷᠭᠠᠬᠤ ᠬᠡᠷᠡᠭᠲᠡᠢ᠃ ︽ᠭᠤᠷᠪᠠ ᠶᠢ ᠨᠠᠪᠲᠠᠷᠡᠭᠦᠯᠵᠦ ᠨᠢᠭᠡ ᠶᠢ ᠲᠡᠭᠰᠢᠯᠡᠬᠦ︾ ᠢᠨᠵᠧᠨᠧᠷᠢᠩ ᠵᠢᠴᠢ ᠢᠯᠢ ᠶᠢᠨ 18 ᠲᠦᠮᠡᠨ ᠰᠠᠭᠠᠯᠢ ᠶᠢᠨ ᠦᠨᠢᠶ᠎ᠡ ᠶᠢᠨ 1᠂ 3᠂ 6 ᠳ᠋ᠤᠭᠠᠷ ᠮᠠᠯᠵᠢᠯ ᠤᠨ ᠲᠠᠯᠠᠪᠠᠶ ᠶᠢᠨ ᠥᠨᠢᠳᠡ ᠶᠢᠨ ᠴᠢᠨᠠᠷᠲᠠᠢ ᠴᠠᠬᠢᠯᠭᠠᠨ ᠬᠠᠩᠭᠠᠬᠤ ᠱᠤᠭᠤᠮ ᠤᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠪᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠭᠤᠷᠪᠠᠨ ᠶᠡᠭᠡ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠠᠵᠤ ᠦᠢᠯᠡᠰ ᠤᠨ ᠬᠦᠷᠢᠶᠡᠯᠡᠩ ᠤᠨ ᠬᠥᠭᠵᠢᠯᠲᠡ᠂ ᠠᠮᠢ ᠠᠬᠤᠢ ᠶᠢᠨ ᠬᠠᠮᠠᠭᠠᠯᠠᠯᠲᠠ᠂ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠲᠠᠯ᠎ᠠ ᠶᠢᠨ ᠬᠥᠭᠵᠢᠯᠲᠡ ᠶᠢᠨ ᠣᠷᠣᠨ ᠵᠠᠢ ᠶᠢ ᠭᠦᠢᠴᠡᠳ ᠦᠯᠡᠳᠡᠭᠡᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠶᠡᠬᠡᠪᠡᠷ ᠥᠷᠨᠢᠭᠦᠯᠵᠦ᠂ ᠵᠠᠩᠭᠢᠯᠠᠭ᠎ᠠ ᠶᠢᠨ ᠴᠠᠭ ᠦᠶ᠎ᠡ ᠳᠤ ᠪᠡᠯᠡᠳᠬᠡᠯ ᠲᠠᠢ ᠪᠠᠶᠢᠬᠤ᠂ ᠦᠢᠯᠡᠳᠪᠦᠷᠢᠯᠡᠵᠦ ᠳᠡᠶᠢᠯᠬᠦ᠂ ᠲᠣᠬᠢᠷᠠᠭᠤᠯᠵᠤ ᠳᠡᠶᠢᠯᠬᠦ᠂ ᠰᠠᠶᠢᠲᠤᠷ ᠬᠡᠷᠡᠭᠯᠡᠬᠦ ᠶᠢ ᠦᠨᠡᠨ ᠬᠦ ᠪᠠᠲᠤᠯᠠᠵᠤ᠂ ᠭᠡᠨᠡᠳᠲᠡ ᠶᠢᠨ ᠬᠡᠷᠡᠭ ᠢ ᠡᠰᠡᠷᠭᠦᠴᠡᠨ ᠠᠷᠭᠠᠴᠠᠬᠤ ᠪᠠ ᠰᠢᠢᠳᠪᠦᠷᠢᠯᠡᠬᠦ ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠢ᠃ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠲᠤᠭ᠎ᠠ ᠪᠦᠷᠢᠳᠬᠡᠯ ᠤᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠃ ᠲᠤᠭ᠎ᠠ ᠪᠦᠷᠢᠳᠬᠡᠯ ᠤᠨ ᠰᠠᠭᠤᠷᠢ ᠶᠢ ᠪᠠᠬᠢᠵᠢᠭᠦᠯᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠷᠠᠭᠤᠯᠤᠨ᠂ ᠲᠤᠰᠬᠠᠢ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠢᠳᠤ ᠪᠣᠳᠠᠰ ᠤᠨ ᠡᠮ ᠡᠮᠨᠡᠯᠭᠡ᠂ ᠰᠢᠨ᠎ᠡ ᠡᠨᠧᠷᠭᠢ᠂ ᠰᠢᠨ᠎ᠡ  ᠮᠠᠲ᠋ᠧᠷᠢᠶᠠᠯ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠯᠡᠯ ᠤᠨ ᠲᠣᠭᠤᠷᠢᠨ ᠳᠤ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ᠂ ᠬᠡᠯᠬᠢᠶ᠎ᠡ ᠶᠢ ᠴᠢᠩᠭᠠᠳᠬᠠᠬᠤ ᠲᠠᠯ᠎ᠠ ᠪᠠᠷ ᠠᠷᠠᠯᠵᠢᠶᠠᠴᠢᠨ ᠤᠷᠢᠬᠤ ᠡᠷᠴᠢᠮ ᠢᠶᠠᠨ ᠴᠢᠩᠭᠠᠷᠠᠭᠤᠯᠵᠤ᠂ ᠮᠡᠷᠭᠡᠵᠢᠯ ᠤᠨ ᠥᠭᠡᠷᠡᠴᠢᠯᠡᠯᠲᠡ ᠴᠢᠳᠠᠪᠤᠷᠢ ᠶᠢ ᠥᠷᠭᠡᠳᠬᠡᠬᠦ ᠲᠠᠯ᠎ᠠ ᠪᠠᠷ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠲᠤᠭᠳᠠᠬᠤ ᠴᠢᠩ ᠱᠦᠢ ᠾᠧ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠡᠪᠴᠢᠶ᠎ᠡ ᠶᠢ ᠥᠷᠭᠡᠳᠬᠡᠬᠦ᠂ ᠪᠣᠳᠠᠲᠤ ᠬᠦᠴᠦᠨ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ︽ᠮᠢᠩᠭᠠᠨ ᠳ᠋ᠦᠩᠰᠢᠭᠤᠷ ᠤᠨ ᠲᠡᠰ ᠤᠨ ᠬᠦᠷᠢᠶᠡᠯᠡᠩ ᠲᠣᠭᠤᠷᠢᠭ︾ ᠢ ᠪᠠᠶᠢᠭᠤᠯᠬᠤ ᠠᠯᠬᠤᠴᠠ ᠶᠢ ᠲᠠᠰᠤᠷᠠᠯᠲᠠ ᠦᠭᠡᠢ ᠲᠦᠷᠭᠡᠳᠬᠡᠬᠦ ᠬᠡᠷᠡᠭᠲᠡᠢ᠃ ᠪᠡᠯᠡ ᠬᠥᠷᠥᠩᠭᠡ ᠶᠢ ᠴᠢᠯᠦᠭᠡᠲᠡᠢ ᠪᠣᠯᠭᠠᠵᠤ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ︽ᠬᠠᠳᠠᠭᠠᠯᠠᠮᠵᠢ ᠶᠢᠨ ᠬᠡᠮᠵᠢᠶ᠎ᠡ ᠪᠠᠷ ᠨᠡᠮᠡᠭᠳᠡᠯ ᠤᠨ ᠬᠡᠮᠵᠢᠶ᠎ᠡ ᠶᠢ ᠳᠠᠶᠢᠴᠢᠯᠠᠬᠤ︾ ᠰᠠᠶᠢᠨ ᠣᠷᠴᠢᠯ ᠢ ᠪᠣᠶ ᠪᠣᠯᠭᠠᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠬᠠᠭᠤᠴᠢᠨ ᠪᠠ ᠬᠠᠭᠤᠴᠢᠪᠳᠤᠷ ᠵᠢᠵᠢᠭ ᠲᠣᠭᠤᠷᠢᠭ ᠢ ᠥᠭᠡᠷᠡᠴᠢᠯᠡᠬᠦ ᠳᠤ ᠣᠯᠠᠨ ᠠᠷᠭ᠎ᠠ ᠪᠣᠳᠣᠯᠭ᠎ᠠ ᠶᠢ ᠠᠭᠤᠰᠤᠯᠴᠠᠭᠤᠯᠬᠤ ᠶᠢ ᠪᠠᠷᠢᠮᠲᠠᠯᠠᠨ᠂ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠤᠲᠠ ᠶᠢᠨ ᠰᠢᠨᠡᠴᠢᠯᠡᠯᠲᠡ ᠶᠢ ᠠᠬᠢᠭᠤᠯᠤᠨ᠂ ᠥᠭᠡᠷᠡᠴᠢᠯᠡᠬᠦ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠥᠭᠡᠷᠡᠴᠢᠯᠡᠬᠦ ᠠᠭᠤᠯᠭ᠎ᠠ ᠶᠢ ᠲᠥᠯᠥᠪᠵᠢᠭᠦᠯᠵᠦ᠂ ᠶᠠᠪᠤᠴᠠ ᠶᠢᠨ ᠡᠵᠡᠮᠳᠡᠯ ᠢ ᠰᠠᠶᠢᠲᠤᠷ ᠠᠳᠬᠤᠵᠤ᠂ ᠢᠨᠵᠧᠨᠧᠷᠢᠩ ᠤᠨ ᠶᠠᠰᠤ ᠴᠢᠨᠠᠷ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1