2023 ᠣᠨ ᠤ ᠪᠦᠬᠦ ᠰᠢᠶᠠᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/24
      3 ᠳ᠋ᠤᠭᠠᠷ ᠰᠠᠷ᠎ᠠ ᠶᠢᠨ 23 ᠤ ᠡᠳᠦᠷ᠂ ᠲᠣᠭᠲᠠᠬᠤ ᠰᠢᠶᠠᠨ 2023 ᠣᠨ ᠤ ᠬᠤᠶᠢᠴᠢ ᠦᠶ᠎ᠡ ᠶᠢᠨ  ᠬᠢᠨ ᠢ ᠬᠠᠯᠠᠮᠵᠢᠯᠠᠬᠤ ᠠᠵᠢᠯ ᠤᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠦ᠋ ᠹᠦ᠋ ᠵᠦᠩ᠂ ᠰᠢᠶᠠᠨ ᠤ ᠳᠡᠳ᠋ ᠳᠠᠷᠤᠭ᠎ᠠ ᠶᠠᠩ ᠶᠢᠨ᠂ ᠰᠢᠶᠠᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠲᠠᠨ᠎ᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠮᠥᠨ᠂ ᠲᠤᠰ ᠵᠢᠯ ᠤᠨ ᠠᠵᠢᠯ ᠢ ᠰᠠᠶᠢᠲᠤᠷ ᠬᠢᠬᠦ ᠨᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠡᠶ᠎ᠡ ᠳᠡᠭᠡᠨ ᠢᠲᠡᠭᠡᠯ ᠲᠠᠢ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠡᠷᠴᠢ ᠵᠣᠷᠢᠭ ᠲᠠᠢ ᠡᠷᠡᠯᠬᠡᠭᠯᠡᠨ ᠤᠷᠤᠭᠰᠢᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠭᠦᠨ ᠤ ᠲᠤᠯᠠᠳᠠ᠂ ᠰᠢᠶᠠᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠭᠤᠣᠯᠳᠠᠭᠤ ᠳᠣᠣᠷᠠᠬᠢ ᠨᠠᠢᠮᠠᠨ ᠲᠠᠯ᠎ᠠ ᠶᠢᠨ ᠠᠵᠢᠯ ᠢ ᠰᠠᠶᠢᠲᠤᠷ ᠬᠢᠬᠦ ᠪᠣᠯᠣᠨ᠎ᠠ᠄ ᠨᠢᠭᠡ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ︔ ᠬᠤᠶᠠᠷ ᠲᠤ᠂ ᠰᠢ ᠶᠢᠨ ᠫᠢᠩ ᠤᠨ ᠴᠢᠬᠤᠯᠠ ᠵᠢᠭᠠᠪᠤᠷᠢ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠴᠢᠬᠤᠯᠠ ᠶᠡᠭᠡ ᠡᠭᠦᠷᠭᠡ ᠪᠣᠯᠭᠠᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ︔ ᠭᠤᠷᠪᠠ ᠳᠤ᠂ ᠤᠯᠠᠭᠠᠨ ᠥᠩᠭᠡᠲᠦ ᠭᠧᠨ ᠤ ᠢᠨᠵᠧᠨᠧᠷᠢᠩ ᠢ ᠤᠯᠠᠮᠵᠢᠯᠠᠨ ᠵᠠᠯᠭᠠᠮᠵᠢᠯᠠᠬᠤ ᠶᠢ ᠠᠬᠢᠭᠤᠯᠵᠤ᠂ ᠲᠦᠷᠦᠯ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠨ᠎ᠠ︔ ᠳᠥᠷᠪᠡ ᠳᠤ᠂ ᠵᠠᠯᠠᠭᠤᠴᠤᠳ ᠪᠠᠭᠠᠴᠤᠳ ᠤᠨ ᠬᠠᠤᠯᠢᠵᠢᠯ ᠤᠨ ᠬᠥᠮᠦᠵᠢᠯ ᠪᠣᠯᠣᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠨ᠎ᠠ︔ ᠲᠠᠪᠤ ᠳᠤ᠂ ︽ᠲᠠᠪᠤᠨ ᠨᠠᠰᠤᠲᠠᠨ︾ ᠤ ᠬᠤᠶᠢᠴᠢ ᠦᠶ᠎ᠡ ᠪᠠᠨ ᠬᠠᠯᠠᠮᠵᠢᠯᠠᠨ ᠬᠠᠶᠢᠷᠠᠯᠠᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠎ᠡ︔ ᠵᠢᠷᠭᠤᠭ᠎ᠠ ᠳᠤ᠂ ︽ᠨᠠᠮ ᠤᠨ ᠪᠠᠶᠢᠭᠤᠯᠤᠯᠲᠠ ᠪᠠᠷ‌ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠪᠠᠶᠢᠭᠤᠯᠤᠯᠲᠠ ᠶᠢ ᠳᠠᠶᠢᠴᠢᠯᠠᠬᠤ︾ ᠪᠠᠷ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠺᠣᠮᠢᠰ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ︔ ᠲᠤᠯᠤᠭ᠎ᠠ ᠳᠤ᠂ ︽ᠲᠠᠪᠤᠨ ᠰᠠᠶᠢᠨᠲᠠᠢ︾ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ ᠡᠭᠦᠳᠦᠨ ᠪᠠᠶᠢᠭᠤᠯᠬᠤ ᠠᠵᠢᠯ ᠢ ᠦᠨᠡᠨ ᠬᠦ ᠰᠠᠶᠢᠲᠤᠷ ᠬᠢᠨ᠎ᠡ︔ ᠨᠠᠢᠮᠠ ᠳᠤ᠂ ᠤᠬᠠᠭᠤᠯᠭ᠎ᠠ ᠶᠢᠨ ᠠᠵᠢᠯ ᠪᠣᠯᠣᠨ ᠰᠦᠯᠵᠢᠶᠡᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠬᠤᠯᠪᠣᠯᠳᠤᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠤᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1