ᠲᠣᠭᠲᠠᠬᠤ ᠰᠢᠶᠠᠨ᠄ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ—ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠪᠠᠲᠤᠯᠠᠭ᠎ᠠ ᠲᠠᠢ ᠪᠠᠶᠢᠪᠠ
ᠨᠡᠶᠢᠲᠡᠯᠡᠭᠰᠡᠨ ᠴᠠᠭ᠄
2023/3/24
      ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨ ᠡᠯ᠎ᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠣᠷᠤᠯᠠᠭᠤᠯᠭ᠎ᠠ ᠶᠢᠨ ᠺᠣᠮᠫᠠᠨᠢ ᠶᠢ ᠵᠣᠬᠢᠶᠠᠨ ᠪᠠᠶᠢᠭᠤᠯᠤᠨ ᠡᠷᠲᠡ ᠠᠴᠠ ᠪᠠᠶᠢᠷᠢᠯᠠᠭᠤᠯᠵᠤ᠂ ᠡᠷᠲᠡ ᠠᠴᠠ ᠲᠣᠬᠢᠷᠠᠭᠤᠯᠵᠤ᠂ ᠦᠷ᠎ᠡ᠂ ᠬᠢᠮᠢ ᠶᠢᠨ ᠪᠣᠷᠳᠣᠭᠤᠷ᠂ ᠲᠠᠷᠢᠶᠠᠨ ᠡᠮ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠥᠭᠡᠴᠡᠯᠡᠨ ᠬᠠᠩᠭᠠᠬᠤ ᠠᠵᠢᠯ ᠢ ᠰᠠᠶᠢᠲᠤᠷ ᠬᠢᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠦᠢᠯᠡᠳᠪᠦᠷᠢᠯᠡᠯ ᠤᠨ ᠬᠡᠪ ᠤᠨ ᠠᠵᠢᠯᠯᠠᠭ᠎ᠠ ᠶᠢ ᠪᠠᠲᠤᠯᠠᠵᠠᠢ᠃      3 ᠳ᠋ᠤᠭᠠᠷ ᠰᠠᠷ᠎ᠠ ᠶᠢᠨ 22 ᠤᠨ ᠡᠳᠦᠷ᠂ ᠰᠤᠷᠪᠤᠯᠵᠢᠯᠠᠭᠴᠢ ᠲᠣᠭᠲᠠᠬᠤ ᠰᠢᠶᠠᠨ ᠤ ᠱᠧᠩ ᠸᠠᠩ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠣᠷᠤᠯᠠᠭᠤᠯᠭ᠎ᠠ ᠶᠢᠨ ᠺᠣᠮᠫᠠᠨᠢ ᠳᠤ ᠬᠦᠷᠴᠦ᠂ ᠬᠢᠮᠢ ᠶᠢᠨ ᠪᠣᠷᠳᠣᠭᠤᠷ᠂ ᠲᠠᠷᠢᠶᠠᠨ ᠡᠮ᠂ ᠲᠠᠷᠢᠶᠠᠨ ᠦᠷ᠎ᠡ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠲᠡᠷᠢ ᠲᠡᠭᠰᠢ ᠵᠢᠭᠰᠠᠭᠠᠵᠤ᠂ ᠦᠢᠯᠡᠳᠬᠦᠨ ᠤ ᠲᠥᠷᠥᠯ ᠵᠦᠢᠯ ᠨᠢ ᠪᠦᠷᠢᠨ᠂ ᠰᠠᠩ ᠬᠥᠮᠥᠷᠭᠡ ᠶᠢᠨ ᠨᠥᠭᠡᠴᠡ ᠭᠦᠢᠴᠡᠳ ᠪᠠᠶᠢᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠬᠤ ᠪᠠᠷ ᠢᠷᠡᠭᠰᠡᠨ ᠲᠠᠷᠢᠶᠠᠴᠢᠨ ᠡᠷᠦᠬᠡ ᠲᠠᠰᠤᠷᠠᠯᠲᠠ ᠦᠭᠡᠢ ᠴᠤᠪᠤᠷᠠᠵᠤ ᠪᠠᠶᠢᠬᠤ ᠶᠢ ᠣᠯᠵᠤ ᠬᠠᠷᠠᠪᠠ᠃      ︽ᠪᠢ ᠪᠣᠯ ᠵᠢᠶᠣᠣ ᠣᠪᠣᠭᠲᠤ ᠢ ᠵᠢᠶᠠᠨ ᠹᠠᠩ ᠤᠨ ᠲᠠᠷᠢᠶᠠᠴᠢᠨ᠂ ᠪᠢ 300 ᠭᠠᠷᠤᠢ ᠮᠦ ᠲᠠᠷᠢᠶ᠎ᠠ ᠳᠠᠷᠢᠵᠠᠢ᠂ ᠮᠢᠨᠤ ᠲᠥᠷᠥᠯ ᠰᠠᠳᠤᠨ ᠨᠠᠶᠢᠵᠠ ᠨᠠᠷ ᠴᠥᠮ ᠡᠨᠡ ᠪᠣᠷᠳᠣᠭᠤᠷ ᠪᠣᠯᠣᠨ ᠦᠷ᠎ᠡ   ᠶᠢ ᠬᠡᠷᠡᠭᠯᠡᠭᠡᠳ ᠶᠡᠭᠡ ᠰᠠᠶᠢᠨ ᠭᠡᠵᠦ ᠪᠣᠳᠣᠳᠠᠭ᠂ ᠡᠨᠡ ᠪᠣᠷᠳᠣᠭᠤᠷ ᠪᠣᠯᠣᠨ ᠦᠷ᠎ᠡ   ᠶᠢᠨ ᠶᠠᠰᠤ ᠴᠢᠨᠠᠷ ᠪᠠᠲᠤᠯᠠᠭ᠎ᠠ ᠲᠠᠢ ᠪᠣᠯᠬᠤᠷ ᠪᠢᠳᠡ ᠶᠡᠭᠡ ᠰᠠᠨᠠᠭ᠎ᠠ ᠠᠮᠤᠷ ᠪᠠᠶᠢᠨ᠎ᠠ᠂ ᠲᠠᠷᠢᠶᠠᠴᠢᠳ ᠦᠷ᠎ᠡ ᠳ᠋ᠦᠩ ᠢ ᠨᠢ ᠯᠡ ᠦᠵᠡᠵᠦ ᠪᠠᠶᠢᠨ᠎ᠠ᠂ ᠲᠠᠷᠢᠶ᠎ᠠ ᠰᠠᠶᠢᠨ ᠤᠷᠭᠤᠪᠠᠯ ᠰᠠᠶ᠋ᠢ ᠦᠨᠡᠬᠡᠷ ᠰᠠᠶᠢᠨ ᠶᠤᠮ︾ ᠭᠡᠵᠦ ᠲᠠᠷᠢᠮᠠᠯ ᠤᠨ ᠲᠣᠮᠣ ᠡᠷᠦᠬᠡ ᠯᠢᠦ ᠼᠠᠢ ᠬᠡᠯᠡᠪᠡ᠃      ︽ᠮᠠᠨ ᠤ ᠺᠣᠮᠫᠠᠨᠢ ᠶᠢᠨ ᠬᠢᠮᠢ ᠶᠢᠨ ᠪᠣᠷᠳᠣᠭᠤᠷ ᠡᠷᠳᠡᠨᠢ ᠰᠢᠰᠢ ᠶᠢᠨ ᠦᠷ᠎ᠡ ᠶᠢᠨ ᠨᠥᠭᠡᠴᠡ ᠶᠢᠨ ᠬᠡᠮᠵᠢᠶ᠎ᠡ ᠥᠩᠭᠡᠷᠡᠭᠰᠡᠨ ᠵᠢᠯ ᠤᠳ ᠤᠨ ᠶᠡᠷᠦᠩᠬᠡᠢ ᠪᠣᠷᠤᠯᠠᠭᠤᠯᠭ᠎ᠠ ᠶᠢᠨ ᠬᠡᠮᠵᠢᠶᠡᠨ ᠤ ᠬᠠᠭᠠᠰ ᠲᠤ ᠬᠦᠷᠴᠡᠢ᠃ ᠣᠳᠣᠬᠠᠨ ᠳᠤ ᠬᠢᠮᠢ ᠶᠢᠨ ᠪᠣᠷᠳᠣᠭᠤᠷ᠂ ᠡᠷᠳᠡᠨᠢ ᠰᠢᠰᠢ ᠶᠢᠨ ᠦᠷ᠎ᠡ ᠶᠢᠨ ᠦᠨ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠬᠡᠰᠡᠭ ᠬᠡᠮᠵᠢᠶ᠎ᠡ ᠪᠠᠷ ᠥᠰᠴᠦ ᠪᠠᠶᠢᠨ᠎ᠠ᠂ ᠭᠡᠪᠡᠴᠦ ᠡᠨᠡ ᠵᠢᠯ ᠤᠨ ᠵᠠᠮ ᠨᠡᠪᠲᠡᠷᠡᠯᠭᠡ ᠶᠢᠨ ᠰᠠᠭᠠᠳ ᠦᠭᠡᠢ ᠨᠡᠪᠲᠡᠷᠡᠭᠰᠡᠨ ᠠᠴᠠ ᠪᠣᠯᠵᠤ ᠪᠤᠰᠤᠳ ᠬᠦᠴᠦᠨ ᠵᠦᠢᠯ ᠤᠨ ᠨᠥᠯᠥᠭᠡ ᠪᠠᠶᠢᠬᠤ ᠦᠭᠡᠢ᠂ ᠪᠠᠷᠠᠭᠠᠨ ᠤ ᠢᠷᠡᠯᠲᠡ ᠨᠡᠯᠢᠶᠡᠳ ᠭᠦᠢᠴᠡᠳ ᠪᠠᠶᠢᠵᠤ᠂ ᠪᠠᠷᠠᠭ᠎ᠠ ᠳᠤᠲᠠᠭᠳᠠᠬᠤ᠂ ᠪᠠᠷᠠᠭ᠎ᠠ ᠲᠠᠰᠤᠷᠠᠬᠤ ᠦᠵᠡᠭᠳᠡᠯ ᠭᠠᠷᠬᠤ ᠦᠭᠡᠢ ᠶᠤᠮ᠃ ᠥᠷᠭᠡᠨ ᠤᠯᠠᠨ ᠲᠠᠷᠢᠶᠠᠴᠢᠳ ᠰᠠᠨᠠᠭ᠎ᠠ ᠠᠮᠤᠷ ᠪᠠᠶᠢᠭᠠᠷᠠᠢ᠃ ᠪᠢᠳᠡ ᠬᠠᠪᠤᠷ ᠤᠨ ᠲᠠᠷᠢᠶᠠᠯᠠᠭ᠎ᠠ ᠶᠢᠨ ᠦᠷ᠎ᠡ ᠪᠣᠷᠳᠣᠭᠤᠷ ᠬᠡᠷᠡᠭᠯᠡᠬᠦ ᠬᠡᠷᠡᠭᠴᠡᠭᠡ ᠶᠢ ᠯᠠᠪᠲᠠᠢ ᠪᠠᠲᠤᠯᠠᠨ᠎ᠠ︾ ᠭᠡᠵᠦ ᠱᠧᠩ ᠸᠠᠩ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠣᠷᠤᠯᠠᠭᠤᠯᠭ᠎ᠠ ᠶᠢᠨ ᠺᠣᠮᠫᠠᠨᠢ ᠶᠢᠨ ᠬᠠᠷᠢᠭᠤᠴᠠᠯᠭᠠᠲᠠᠨ ᠴᠢ ᠬᠠᠢ ᠱᠧᠩ ᠬᠡᠯᠡᠪᠡ᠃      ᠣᠶᠢᠯᠠᠭᠠᠭᠰᠠᠨ ᠢᠶᠠᠷ᠂ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠳᠤ ᠪᠥᠬᠦ ᠰᠢᠶᠠᠨ ᠤ ᠲᠠᠷᠢᠶᠠᠨ ᠦᠷ᠎ᠡ 2235 ᠲᠣᠨ ᠬᠡᠷᠡᠭᠰᠡᠨ᠎ᠡ᠂ ᠣᠲᠣ ᠨᠢᠭᠡᠨᠲᠡ 1452 ᠲᠣᠨ ᠨᠥᠭᠡᠴᠡᠯᠡᠵᠦ ᠪᠠᠶᠢᠨ᠎ᠠ︔ ᠬᠠᠪᠤᠷ ᠤᠨ ᠲᠠᠷᠢᠶᠠᠯᠠᠭ᠎ᠠ ᠶᠢᠨ ᠶᠡᠷᠦᠩᠬᠡᠢ ᠬᠡᠷᠡᠭᠴᠡᠭᠡ ᠪᠠᠷᠤᠭ 3.42 ᠲᠦᠮᠡᠨ ᠲᠣᠨ ᠳᠤ ᠬᠦᠷᠴᠦ᠂ ᠣᠲᠣ ᠨᠢᠭᠡᠨᠲᠡ 2.22 ᠲᠦᠮᠡᠨ ᠲᠣᠨ ᠨᠥᠭᠡᠴᠡᠯᠡᠪᠡ︔ ᠰᠦᠯᠢᠶᠥᠦ ᠪᠦᠷᠬᠦᠪᠴᠢ ᠶᠢᠨ ᠶᠡᠷᠦᠩᠬᠡᠢ ᠬᠡᠷᠡᠭᠴᠡᠭᠡ ᠨᠢ ᠪᠠᠷᠤᠭ 2100 ᠲᠣᠨ ᠪᠠᠶᠢᠵᠤ᠂ ᠣᠲᠣ ᠨᠢᠭᠡᠨᠲᠡ 1365 ᠲᠣᠨ ᠨᠥᠭᠡᠴᠡᠯᠡᠵᠦ ᠪᠠᠶᠢᠨ᠎ᠠ︔ ᠲᠠᠷᠢᠶᠠᠨ ᠡᠮ ᠤᠨ ᠶᠡᠷᠦᠩᠬᠡᠢ ᠬᠡᠷᠡᠭᠴᠡᠭᠡ 52.67 ᠲᠣᠨ ᠳᠤ ᠬᠦᠷᠴᠦ᠂ ᠤᠳᠤ ᠨᠢᠭᠡᠨᠲᠡ 34.24 ᠲᠣᠨ ᠨᠥᠭᠡᠴᠡᠯᠡᠪᠡ᠃ ᠵᠢᠱᠢᠯᠲᠡ ᠪᠠᠷ 4 ᠳ᠋ᠤᠭᠡᠷ ᠰᠠᠷ᠎ᠠ ᠶᠢᠨ ᠰᠢᠨᠡᠳ ᠢᠶᠠᠷ ᠬᠡᠷᠡᠭᠰᠡᠬᠦ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠪᠦᠬᠦᠨ ᠢ ᠪᠣᠳᠠᠲᠠᠶᠢᠵᠢᠭᠤᠯᠵᠤ᠂ ᠠᠷᠠᠳ ᠢᠷᠭᠡᠳ ᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠪᠠᠲᠤᠯᠠᠬᠤ ᠪᠣᠯᠣᠨ᠎ᠠ᠃ ᠡᠭᠦᠨ ᠤ ᠬᠠᠮᠲᠤ᠂ ᠲᠠᠷᠢᠶᠠᠴᠢᠳ ᠤᠨ ᠰᠠᠨᠠᠭ᠎ᠠ ᠠᠮᠤᠷ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢ ᠬᠡᠷᠡᠭᠯᠡᠬᠦ ᠶᠢ ᠪᠠᠲᠤᠯᠠᠬᠤ ᠶᠢᠨ ᠲᠥᠯᠥᠭᠡ᠂ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ  ᠠᠩᠬᠢ ᠠᠴᠠ ᠪᠦᠬᠦ ᠰᠢᠶᠠᠨ ᠤ 68 ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠠᠵᠤ ᠠᠬᠤᠶᠢᠯᠠᠯ ︵ᠬᠤᠪᠢ ᠶᠢᠨ ᠡᠷᠦᠬᠡ︶ ᠢ ᠵᠣᠬᠢᠶᠠᠨ ᠪᠠᠶᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠬᠤ᠂ ᠶᠠᠰᠤ ᠴᠢᠨᠠᠷ ᠢ ᠪᠠᠲᠤᠯᠠᠬᠤ ᠲᠣᠬᠢᠷᠠᠭᠤᠯᠭ᠎ᠠ ᠶᠢᠨ ᠬᠤᠷᠠᠯ ᠢ ᠬᠤᠷᠠᠯᠳᠤᠭᠤᠯᠵᠤ᠂ ᠪᠠᠷᠠᠭ᠎ᠠ ᠣᠷᠣᠭᠤᠯᠬᠤ ᠠᠷᠭ᠎ᠠ ᠵᠠᠮ ᠢ ᠴᠢᠩᠭ᠎ᠠ ᠠᠳᠬᠤᠵᠤ᠂ ᠢᠳᠡᠪᠬᠢᠲᠡᠢ ᠪᠠᠷ ᠵᠣᠬᠢᠴᠠᠭᠤᠯᠤᠨ ᠬᠠᠮᠵᠢᠯᠴᠠᠬᠤ ᠶᠢ ᠴᠢᠬᠤᠯᠠᠴᠢᠯᠠᠪᠠ︔ ︽ᠰᠠᠭᠠᠳ ᠦᠭᠡᠢ ᠨᠡᠪᠲᠡᠷᠡᠬᠦ ᠵᠠᠮ︾ ᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠵᠤ᠂ ᠵᠠᠬ᠎ᠠ ᠳᠡᠯᠭᠡᠭᠦᠷ ᠢ ᠪᠦᠲᠦᠮᠵᠢᠲᠡᠶ ᠪᠠᠷ ᠬᠠᠩᠭᠠᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1