ᠲᠣᠭᠲᠠᠬᠤ ᠰᠢᠶᠠᠨ᠄ ᠡᠭᠦᠯᠳᠡᠷ ᠰᠠᠶᠢᠵᠢᠷᠠᠭᠤᠯᠤᠨ ᠲᠠᠷᠢᠶᠠᠯᠠᠩ ᠳᠤ ᠲᠤᠰᠠᠯᠠᠬᠤ ︽ᠣᠷᠣᠯᠭ᠎ᠠ ᠶᠢ ᠨᠡᠮᠡᠭᠳᠡᠭᠦᠯᠬᠦ︾ ᠪᠠᠷ ᠴᠢᠷᠮᠠᠶᠢᠵᠦ ᠪᠠᠶᠢᠨ᠎ᠠ
ᠨᠡᠶᠢᠲᠡᠯᠡᠭᠰᠡᠨ ᠴᠠᠭ᠄
2023/3/27
      ᠣᠶᠢᠷ᠎ᠠ ᠳᠤ᠂ ᠲᠣᠭᠲᠠᠬᠤ ᠰᠢᠶᠠᠨ ᠤ ᠰᠢᠨ᠎ᠡ ᠶᠢᠩᠽᠢ ᠪᠠᠯᠭᠠᠰᠤᠨ ᠤ 5 ᠲᠡᠵᠢᠭᠡᠨ ᠦᠷᠡᠵᠢᠭᠦᠯᠬᠦ ᠡᠷᠦᠬᠡ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠠᠴᠠ ᠲᠡᠳᠡᠨ ᠳᠤ ᠰᠦᠢᠳᠬᠡᠯ ᠬᠤᠷᠢᠶᠠᠬᠤ ᠦᠭᠡᠢ ᠪᠠᠷ ᠬᠠᠩᠭᠠᠭᠰᠠᠨ ᠳ᠋ᠦᠩ ᠹᠦ᠋ ᠯᠢ ᠱᠧᠩ ᠤᠨ 7 ᠰᠢᠯᠢᠳᠡᠭ ᠬᠤᠴᠠ ᠣᠯᠵᠤ ᠠᠪᠴᠠᠢ᠂ ᠡᠨᠡ ᠨᠢ ᠲᠡᠳᠡᠨ ᠤ ᠲᠡᠵᠢᠭᠡᠨ ᠦᠷᠡᠵᠢᠭᠦᠯᠬᠦ ᠬᠢᠷᠢ ᠬᠡᠮᠵᠢᠶ᠎ᠡ ᠪᠠᠨ ᠶᠡᠭᠡ ᠪᠠᠷ ᠳᠡᠭᠡᠭᠰᠢᠯᠡᠭᠦᠯᠵᠦ᠂ ᠣᠷᠣᠯᠭ᠎ᠠ ᠪᠠᠨ ᠨᠡᠮᠡᠭᠳᠡᠭᠦᠯᠦᠨ᠂ ᠪᠤᠰᠤᠳ ᠲᠡᠵᠢᠭᠡᠨ ᠦᠷᠡᠵᠢᠭᠦᠯᠬᠦ ᠡᠷᠦᠬᠡ ᠶᠢ ᠳᠠᠭᠠᠭᠤᠯᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠵᠡᠮ ᠢ ᠨᠡᠭᠡᠭᠡᠵᠦ ᠦᠭᠪᠡ᠃      ︽ᠵᠠᠰᠠᠭ ᠤᠨ ᠣᠷᠳᠣᠨ ᠠᠴᠠ ᠮᠠᠨ ᠤ ᠲᠡᠵᠢᠭᠡᠨ ᠦᠷᠡᠵᠢᠭᠦᠯᠬᠦ ᠡᠷᠦᠬᠡ ᠳᠤ ᠳᠡᠮᠵᠢᠯᠭᠡ ᠦᠵᠡᠭᠦᠯᠬᠦ ᠲᠥᠷᠥ  ᠶᠢᠨ ᠪᠣᠳᠣᠯᠭ᠎ᠠ ᠪᠣᠯᠣᠨ ᠳᠣᠲᠣᠨᠣ ᠦᠢᠯᠡᠴᠢᠯᠡᠭᠡ ᠥᠭᠭᠦᠭᠰᠡᠨ ᠳᠤ ᠲᠠᠯᠠᠷᠬᠠᠵᠤ ᠪᠠᠶᠢᠨ᠎ᠠ᠂ ᠪᠢᠳᠡᠨ ᠳᠤ ᠴᠢᠨᠠᠷ ᠰᠠᠶᠢᠲᠠᠢ ᠬᠤᠴᠠ ᠥᠭᠬᠦ ᠶᠢᠨ ᠬᠠᠮᠲᠤ ᠪᠠᠰᠠ ᠬᠤᠨᠢ ᠨᠢᠭᠡᠪᠦᠷᠢ ᠳᠤ ᠳᠠᠭᠠᠳᠬᠠᠯ ᠬᠢᠵᠦ ᠦᠭᠭᠦᠪᠡ᠂ ᠬᠡᠷᠪᠡ ᠮᠠᠨ ᠤ ᠲᠡᠵᠢᠭᠡᠨ ᠦᠷᠡᠵᠢᠭᠦᠯᠬᠦ ᠶᠠᠪᠤᠴᠠ ᠳᠤ ᠬᠤᠴᠠ ᠡᠪᠡᠳᠴᠢᠯᠡᠵᠦ ᠦᠬᠦᠪᠡᠯ ᠳᠠᠭᠠᠳᠬᠠᠯ ᠤᠨ ᠺᠣᠮᠫᠠᠨᠢ ᠠᠴᠠ ᠲᠥᠯᠥᠪᠦᠷᠢ ᠥᠭᠬᠦ ᠪᠣᠯᠣᠨ᠎ᠠ᠂ ᠡᠭᠦᠨ ᠤ ᠵᠡᠷᠭᠡ ᠳᠤ ᠬᠤᠷᠠᠭ᠎ᠠ ᠶᠢ ᠬᠤᠷᠢᠶᠠᠵᠤ ᠠᠪᠬᠤ ᠨᠢ ᠴᠦ ᠮᠠᠨ ᠤ ᠲᠡᠵᠢᠭᠡᠨ ᠦᠷᠡᠵᠢᠭᠦᠯᠬᠦ ᠡᠷᠦᠬᠡ ᠳᠤ ᠪᠠᠲᠤᠯᠠᠭ᠎ᠠ ᠦᠵᠡᠭᠦᠯᠵᠦ᠂ ᠪᠢᠳᠡᠨ ᠤ ᠬᠤᠶᠢᠰᠢᠳᠠ ᠶᠢᠨ ᠰᠠᠨᠠᠭᠠᠰᠢᠷᠠᠯ ᠢ ᠠᠯᠳᠠᠭᠤᠯᠵᠤ ᠪᠠᠶᠢᠨ᠎ᠠ︾ ᠭᠡᠵᠦ ᠲᠡᠵᠢᠭᠡᠨ ᠦᠷᠡᠵᠢᠭᠦᠯᠬᠦ ᠡᠷᠦᠬᠡ ᠮᠢᠶᠣᠣ ᠵᠢᠶᠠᠨ ᠵᠢᠶᠦ᠋ᠨ ᠰᠡᠳᠬᠢᠯ ᠳᠣᠭᠳᠣᠯᠤᠨ ᠬᠡᠯᠡᠪᠡ᠃
    ᠲᠤᠰ ᠤᠳᠠᠭ᠎ᠠ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠲᠡᠵᠢᠭᠡᠨ ᠦᠷᠡᠵᠢᠭᠦᠯᠬᠦ ᠡᠷᠦᠬᠡ ᠳᠤ ᠬᠤᠳᠠᠯᠳᠤᠨ ᠠᠪᠴᠤ ᠥᠭᠭᠦᠭᠰᠡᠨ ᠰᠢᠯᠢᠳᠡᠭ ᠡᠭᠦᠯᠳᠡᠷ ᠤᠨ ᠬᠤᠴᠠ ᠳ᠋ᠦᠩ ᠹᠦ᠋ ᠯᠢ ᠱᠧᠩ ᠪᠣᠯ ᠭᠧᠷᠮᠠᠨ ᠤ ᠭᠠᠳᠠᠭᠠᠳᠤ ᠠᠴᠠ ᠣᠷᠣᠭᠤᠯᠤᠭᠰᠠᠨ ᠡᠴᠢᠭᠡ ᠡᠬᠡ ᠶᠢᠨ ᠬᠢᠨᠢ ᠦᠷᠡᠵᠢᠭᠦᠯᠦᠨ ᠪᠣᠶᠢᠵᠢᠭᠤᠯᠤᠭᠰᠠᠨ ᠤᠤᠯ ᠤᠨ ᠡᠭᠦᠯᠳᠡᠷ ᠤᠨ ᠬᠤᠶᠢᠴᠢ ᠦᠶ᠎ᠡ ᠪᠣᠯᠣᠨ᠎ᠠ᠃ ᠪᠥᠬᠦ ᠳᠡᠯᠡᠬᠡᠢ ᠶᠢᠨ ᠠᠮᠢᠲᠠᠨ ᠤ ᠡᠭᠦᠯᠳᠡᠷ ᠣᠷᠣᠭᠤᠯᠵᠤ ᠳᠠᠮᠵᠢᠭᠤᠯᠬᠤ ᠰᠠᠭᠤᠷᠢᠨ ᠭᠠᠵᠠᠷ ᠤᠨ ᠥᠪᠥᠷ ᠮᠣᠩᠭᠤᠯ ᠤᠨ ᠯᠧᠺᠧ ᠠᠮᠢᠳᠤ ᠪᠣᠳᠠᠰ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠦᠪᠦᠷᠡᠯ ᠢ ᠰᠢᠯᠵᠢᠭᠦᠯᠦᠨ ᠤᠷᠭᠤᠭᠤᠯᠬᠤ᠂ ᠥᠨᠳᠥᠷ ᠪᠠᠷᠢᠮᠵᠢᠶᠠᠲᠤ ᠬᠤᠷᠠᠭ᠎ᠠ ᠰᠣᠩᠭᠤᠨ ᠪᠣᠶᠢᠵᠢᠭᠤᠯᠬᠤ ᠪᠠᠷ ᠳᠡᠮᠵᠢᠨ ᠪᠣᠶ ᠪᠣᠯᠤᠭᠰᠠᠨ ᠶᠤᠮ᠃ ᠳ᠋ᠦᠩ ᠹᠦ᠋ ᠯᠢ ᠱᠧᠩ ᠠᠴᠠ ᠦᠷᠡᠵᠢᠭᠦᠯᠦᠨ ᠪᠣᠶᠢᠵᠢᠭᠤᠯᠤᠭᠰᠠᠨ ᠬᠤᠴᠠ ᠢᠮᠠᠭ᠎ᠠ ᠨᠢ ᠠᠮᠢᠳᠤᠷᠠᠬᠤ ᠨᠣᠷᠮ᠎ᠠ ᠥᠨᠳᠥᠷ᠂ ᠰᠦ ᠮᠢᠬ᠎ᠠ ᠶᠢ ᠬᠠᠪᠰᠤᠷᠭᠠᠨ ᠬᠡᠷᠡᠭᠯᠡᠵᠦ᠂ ᠦᠷᠡᠵᠢᠬᠦ ᠴᠢᠳᠠᠪᠤᠷᠢ ᠥᠨᠳᠥᠷ᠂ ᠰᠦ ᠰᠢᠭᠦᠷᠡᠭᠦᠯᠬᠦ ᠴᠢᠳᠠᠪᠤᠷᠢ ᠴᠢᠩᠭ᠎ᠠ᠂ ᠰᠢᠩᠬᠡᠭ ᠦᠨᠦᠷ ᠪᠠᠭ᠎ᠠ ᠵᠡᠷᠭᠡ ᠣᠨᠴᠠᠯᠢᠭ ᠲᠠᠢ᠂ ᠨᠠᠰᠤᠨ ᠳᠤ ᠬᠦᠷᠦᠭᠰᠡᠨ ᠤ ᠳᠠᠷᠠᠭᠠᠬᠢ ᠬᠤᠴᠠ ᠨᠢ ᠠᠶᠠᠨᠳᠠᠭᠠᠨ ᠬᠡᠭᠡᠯᠲᠦᠭᠦᠯᠬᠦ ᠪᠠᠶᠢᠳᠠᠯ ᠳᠤ 100 ᠡᠮ᠎ᠡ ᠬᠤᠨᠢᠨ ᠤ ᠬᠡᠭᠡᠯᠲᠦᠭᠦᠯᠭᠡ ᠶᠢᠨ ᠡᠭᠦᠷᠭᠡ ᠶᠢ ᠡᠭᠦᠷᠭᠡᠯᠡᠵᠦ ᠪᠣᠯᠣᠨ᠎ᠠ᠃
     ᠡᠨᠡ ᠵᠢᠯ ᠠᠴᠠ ᠨᠠᠰᠢ᠂ ᠲᠣᠭᠲᠠᠬᠤ ᠰᠢᠶᠠᠨ ᠬᠤᠨᠢᠨ ᠤ ᠠᠵᠤ ᠦᠢᠯᠡᠰ ᠢ ᠪᠤᠵᠠᠭᠠᠶᠢᠷᠠᠭᠤᠯᠬᠤ ᠶᠢᠨ ᠲᠥᠯᠥᠭᠡ ᠂ ᠲᠡᠵᠢᠭᠡᠨ ᠦᠷᠡᠵᠢᠭᠦᠯᠬᠦ ᠮᠡᠷᠭᠡᠵᠢᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠷᠠᠳ ᠢ ᠪᠠᠶᠠᠵᠢᠭᠤᠯᠤᠨ ᠬᠤᠨᠢ ᠢᠮᠠᠭ᠎ᠠ ᠲᠡᠵᠢᠭᠡᠬᠦ ᠲᠥᠷᠥᠯ ᠵᠦᠢᠯ ᠢ ᠵᠢᠩᠬᠢᠨᠢ ᠪᠠᠷ ᠡᠬᠢᠯᠡᠨ ᠬᠡᠷᠡᠭᠵᠢᠭᠦᠯᠵᠦ᠂ ᠲᠣᠰ ᠲᠥᠷᠥᠯ ᠵᠦᠢᠯ ᠨᠢ ᠵᠠᠰᠠᠭ ᠤᠨ ᠣᠷᠳᠣᠨ ᠠᠴᠠ ᠲᠡᠳᠬᠦᠨ ᠳᠡᠮᠵᠢᠬᠦ᠂ ᠠᠵᠤ ᠠᠬᠤᠶᠢᠯᠠᠯ ᠢᠶᠠᠷ ᠳᠠᠶᠢᠴᠢᠯᠠᠭᠤᠯᠬᠤ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠰᠠᠭᠤᠷᠢ ᠲᠠᠷᠢᠶᠠᠴᠢᠨ ᠡᠷᠦᠬᠡ ᠶᠢ ᠪᠣᠶᠢᠵᠢᠭᠤᠯᠬᠤ ᠪᠠᠷ ᠳᠡᠮᠵᠢᠨ᠂ ᠵᠢᠭᠡᠯᠡᠯᠭᠡ ᠶᠢᠨ ᠳᠠᠮ ᠬᠦᠦ ᠥᠭᠬᠦ᠂ ᠡᠭᠦᠯᠳᠡᠷ ᠤᠨ ᠬᠤᠨᠢ ᠬᠠᠩᠭᠠᠬᠤ᠂ ᠡᠭᠦᠯᠳᠡᠷ ᠰᠠᠶᠢᠵᠢᠷᠠᠭᠤᠯᠬᠤ᠂ ᠮᠡᠷᠭᠡᠵᠢᠯ ᠤᠨ ᠦᠢᠯᠡᠴᠢᠯᠡᠭᠡ ᠬᠠᠩᠭᠠᠬᠤ᠂ ᠬᠤᠷᠠᠭ᠎ᠠ ᠬᠤᠷᠢᠶᠠᠬᠤ ᠪᠠ ᠪᠣᠷᠳᠣᠵᠤ ᠲᠠᠷᠭᠤᠯᠠᠭᠤᠯᠬᠤ ᠵᠡᠷᠭᠡ ᠣᠯᠠᠨ ᠲᠠᠯ᠎ᠠ ᠠᠴᠠ ᠬᠤᠨᠢ ᠢᠮᠠᠭ᠎ᠠ ᠲᠡᠵᠢᠭᠡᠬᠦ ᠲᠠᠷᠢᠶᠠᠴᠢᠨ ᠡᠷᠦᠬᠡ ᠳᠤ ᠠᠰᠢᠭ ᠲᠤᠰᠠ ᠣᠯᠭᠤᠵᠤ᠂ ᠡᠭᠦᠨ ᠤ ᠤᠯᠠᠮ ᠢᠶᠠᠷ ︽ᠵᠠᠰᠠᠭ ᠤᠨ ᠣᠷᠳᠣᠨ + ᠠᠵᠤ ᠠᠬᠤᠶᠢᠯᠠᠯ + ᠰᠠᠭᠤᠷᠢᠨ ᠭᠠᠵᠠᠷ + ᠲᠠᠷᠢᠶᠠᠴᠢᠨ ᠡᠷᠦᠬᠡ︾ ᠶᠢᠨ ᠦᠢᠯᠡᠳᠦᠯᠴᠡᠨ ᠬᠥᠭᠵᠢᠬᠦ ᠵᠠᠭᠪᠤᠷ ᠢ ᠪᠣᠶ ᠪᠣᠯᠭᠠᠵᠤ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠶᠢ ᠠᠵᠤ ᠦᠶᠢᠯᠡᠰᠵᠢᠭᠦᠯᠬᠦ᠂ ᠰᠠᠶᠢᠨ ᠡᠭᠦᠯᠳᠡᠷᠵᠢᠭᠦᠯᠬᠦ᠂ ᠨᠠᠷᠠᠲᠤ ᠲᠡᠮᠳᠡᠭᠵᠢᠭᠦᠯᠬᠦ ᠶᠢ ᠪᠡᠶᠡᠯᠡᠭᠦᠯᠦᠨ᠎ᠡ᠃
     ᠣᠶᠢᠷ᠎ᠠ ᠶᠢᠨ ᠵᠢᠯ ᠠᠴᠠ᠂ ᠲᠣᠭᠲᠠᠬᠤ ᠰᠢᠶᠠᠨ ᠤ ᠬᠢᠨ ᠠᠷᠠᠳ ᠢ ᠪᠠᠶᠠᠵᠢᠭᠤᠯᠤᠨ ᠬᠤᠨᠢ ᠲᠡᠵᠢᠭᠡᠬᠦ ᠠᠵᠤ ᠦᠢᠯᠡᠰ ᠢ ᠶᠡᠬᠡᠪᠡᠷ ᠳᠡᠯᠭᠡᠷᠡᠭᠦᠯᠵᠦ᠂ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠾᠧᠩ ᠹᠦ᠋ ᠲᠠᠷᠢᠶᠠᠴᠢᠨ ᠳᠤ ᠠᠰᠢᠭ ᠬᠦᠷᠲᠡᠭᠡᠬᠦ ᠪᠣᠷᠳᠣᠵᠤ ᠲᠡᠵᠢᠭᠡᠬᠦ ᠰᠠᠭᠤᠷᠢᠨ ᠤ ᠲᠦᠷᠦᠯ ᠵᠦᠢᠯ ᠢ ᠶᠠᠭ ᠡᠮᠬᠢ ᠳᠢᠭᠯᠢᠮ ᠲᠠᠢ ᠠᠬᠢᠭᠤᠯᠵᠤ᠂ ᠥᠪᠥᠷ ᠮᠣᠩᠭᠤᠯ ᠤᠨ ᠳᠤᠮᠳᠠ ᠬᠡᠰᠡᠭ ᠤᠨ ᠠᠯᠠᠰᠢᠨ ᠬᠤᠨᠢ ᠡᠳ᠋ᠰᠢᠭᠦᠯᠵᠦ ᠠᠷᠠᠯᠵᠢᠶᠠᠯᠠᠬᠤ ᠲᠥᠪ ᠢ ᠴᠢᠷᠮᠠᠶᠢᠨ ᠪᠠᠶᠢᠭᠤᠯᠵᠤ ᠪᠤᠢ᠃ ᠣᠳᠣᠬᠠᠨ ᠳᠤ᠂ ᠪᠥᠬᠦ ᠰᠢᠶᠠᠨ ᠳᠤ ᠣᠲᠣ 26.7 ᠲᠦᠮᠡᠨ ᠠᠯᠠᠰᠢᠨ ᠬᠤᠨᠢᠨ ᠤ ᠲᠤᠭ᠎ᠠ ᠲᠣᠯᠣᠭᠠᠢ ᠪᠠᠶᠢᠵᠤ᠂ ᠡᠭᠦᠨ ᠳᠤ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ 29 ᠪᠠᠶᠢᠵᠤ᠂ 5.3 ᠲᠦᠮᠡᠨ ᠠᠯᠠᠰᠢᠨ ᠬᠤᠨᠢᠨ ᠤ ᠲᠤᠭ᠎ᠠ ᠲᠣᠯᠣᠭᠠᠢ ᠪᠠᠶᠢᠨ᠎ᠠ᠃ ︽ᠵᠠᠯᠭᠠᠭᠠᠳ ᠲᠣᠭᠲᠠᠬᠤ ᠰᠢᠶᠠᠨ ᠤ ᠬᠢᠨ ᠪᠦᠬᠦ ᠰᠢᠶᠠᠨ ᠤ 5 ᠪᠠᠯᠭᠠᠰᠤ ᠪᠣᠯᠣᠨ ᠬᠠᠳᠤᠨ ᠭᠤᠣᠯ ᠤᠨ ᠨᠤᠭᠤ ᠭᠠᠵᠠᠷ ᠢ ᠬᠠᠮᠢᠶᠠᠷᠴᠤ ᠬᠠᠮᠠᠭᠠᠯᠠᠬᠤ ᠲᠥᠪ ᠲᠤ 200 ᠵᠡᠭᠦᠨ ᠹᠦᠯᠢ ᠶᠢᠨ ᠰᠢᠯᠢᠳᠡᠭ ᠬᠤᠴᠠ ᠲᠠᠷᠬᠠᠭᠠᠵᠤ᠂ 2025 ᠣᠨ ᠪᠣᠯᠬᠤ ᠳᠤ ᠨᠡᠶᠢᠳᠡ 3000 ᠨᠢᠭᠡᠴᠢ ᠡᠷᠦᠭᠡ ᠶᠢ ᠰᠠᠴᠤᠷᠠᠭᠯᠠᠨ ᠬᠥᠭᠵᠢᠭᠦᠯᠵᠦ᠂ ᠪᠦᠬᠦ ᠰᠢᠶᠠᠨ ᠤ ᠠᠯᠠᠰᠢᠨ ᠬᠤᠨᠢᠨ ᠤ ᠮᠠᠯᠵᠢᠯ ᠤᠨ ᠣᠨ ᠤ ᠲᠤᠭ᠎ᠠ ᠪᠦᠷᠢᠳᠬᠡᠯ ᠢ 50 ᠲᠦᠮᠡ ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃ ᠳᠡᠭᠡᠷᠡᠬᠢ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠠᠨ ᠤ ᠰᠢᠶᠠᠨ ᠤ ᠠᠯᠠᠰᠢᠨ ᠬᠤᠨᠢᠨ ᠤ ᠲᠡᠵᠢᠭᠡᠨ ᠦᠷᠡᠵᠢᠭᠦᠯᠬᠦ ᠡᠭᠦᠯᠳᠡᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠮᠠᠯ ᠰᠦᠷᠦᠭ ᠤᠨ ᠪᠦᠲᠦᠴᠡ ᠶᠢ ᠰᠢᠯᠢᠳᠡᠭᠵᠢᠭᠦᠯᠦᠨ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ︾ ᠭᠡᠵᠦ ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠵᠢᠶᠠᠩ ᠵᠢᠶᠦ᠋ᠨ ᠮᠢᠨ ᠬᠡᠯᠡᠵᠡᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1