ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠡ ᠵᠢᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠭᠤᠤᠯᠳᠠᠯᠭ᠎ᠠ ᠲᠠᠢ ᠲᠦᠷᠦᠯ ᠵᠦᠢᠯ ᠲᠤᠭᠳᠠᠵᠠᠢ
ᠨᠡᠶᠢᠲᠡᠯᠡᠭᠰᠡᠨ ᠴᠠᠭ᠄
2023/3/28
      ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠣᠶᠢᠯᠠᠭᠠᠭᠰᠠᠨ ᠢᠶᠠᠷ ᠬᠥᠬᠡᠬᠤᠲᠠ ᠶᠢᠨ ᠬᠤᠳᠤᠩ ᠲᠣᠭᠤᠷᠢᠭ ᠤᠨ ︽ᠤᠯᠠᠭᠠᠨ ᠠᠨᠠᠷ︾ ᠰᠠᠶᠢᠨ ᠳᠤᠷ᠎ᠠ ᠶᠢᠨ ᠦᠢᠯᠡᠴᠢᠯᠡᠭᠡᠨ ᠤ ᠭᠤᠣᠯ ᠰᠡᠳᠦᠪᠲᠦ ᠴᠡᠴᠡᠷᠯᠢᠭ᠂ ᠬᠥᠯᠥᠨ ᠪᠤᠶᠢᠷ ᠬᠤᠲᠠ ᠶᠢᠨ ᠵᠤᠭᠠᠴᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠰᠣᠳᠣᠨ ᠵᠠᠮ ᠱᠤᠭᠤᠮ᠂ ᠬᠢᠩᠭᠠᠨ ᠠᠶᠢᠮᠠᠭ ᠤᠨ ᠷᠠᠰᠢᠶᠠᠨ ᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ︽ᠰᠡᠳᠬᠢᠯ ᠨᠢᠭᠡᠳᠦᠨ ᠬᠢᠯᠢ ᠬᠢᠵᠠᠭᠠᠷ ᠢᠶᠠᠨ ᠬᠠᠮᠠᠭᠠᠯᠠᠶ᠎ᠠ︾ ᠬᠤᠪᠢᠰᠬᠠᠯ ᠤᠨ ᠰᠣᠶᠣᠯ ᠤᠨ ᠬᠤᠩᠭᠢᠯ ᠢ ᠪᠠᠲᠤ ᠴᠣᠭᠴᠠᠯᠠᠨ ᠪᠠᠶᠢᠭᠤᠯᠬᠤ ᠵᠡᠷᠭᠡ 34 ᠲᠦᠷᠦᠯ ᠵᠦᠢᠯ ᠢ 2023 ᠣᠨ ᠤ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠭᠤᠣᠯᠳᠠᠯᠭ᠎ᠠ ᠲᠠᠢ ᠲᠦᠷᠦᠯ ᠵᠦᠢᠯ ᠢᠶᠠᠷ ᠲᠣᠭᠲᠠᠭᠠᠪᠠ᠃      ᠣᠶᠢᠯᠠᠭᠠᠭᠰᠠᠨ ᠢᠶᠠᠷ᠂ ᠲᠥᠷᠥᠯ ᠵᠦᠢᠯ ᠨᠢᠭᠡᠪᠦᠷᠢ ᠶᠢ ᠡᠯ᠎ᠡ ᠠᠶᠢᠮᠠᠭ ᠬᠤᠲᠠ ᠪᠠᠷ ᠳᠡᠮᠵᠢᠨ ᠰᠢᠯᠢᠳᠡᠭ ᠢ ᠨᠢ ᠰᠣᠩᠭᠤᠨ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠴᠢᠩᠭ᠎ᠠ ᠬᠢᠨᠠᠨ ᠲᠣᠭᠲᠠᠭᠠᠭᠰᠠᠨ ᠤ ᠳᠠᠷᠠᠭ᠎ᠠ᠂ ᠲᠣᠰ ᠵᠢᠯ ᠤᠨ ᠳᠣᠲᠣᠷ᠎ᠠ ᠬᠡᠷᠡᠭᠵᠢᠭᠦᠯᠦᠨ ᠳᠠᠭᠤᠰᠬᠠᠵᠤ᠂ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠬᠤᠭᠤᠴᠠᠭᠠᠲᠤ ᠴᠢᠨᠠᠷ ᠪᠠ ᠬᠡᠷᠡᠭᠯᠡᠭᠡᠨ ᠤ ᠴᠢᠨᠠᠷ ᠢ ᠦᠨᠡᠨ ᠬᠦ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠬᠢᠨ ᠭᠤᠣᠯᠳᠠᠯᠭ᠎ᠠ ᠲᠠᠢ ᠲᠥᠷᠥᠯ ᠵᠦᠢᠯ ᠢ ᠰᠠᠶᠢᠲᠤᠷ ᠠᠳᠬᠤᠬᠤ ᠶᠠᠪᠤᠳᠠᠯ ᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠢᠨᠵᠧᠨᠧᠷᠢᠩ ᠢ ᠬᠡᠷᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠲᠥᠷᠥᠯ ᠵᠦᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠵᠢᠯᠣᠭᠤᠳᠤᠯᠭ᠎ᠠ ᠳᠡᠮᠵᠢᠯᠭᠡ᠂ ᠬᠠᠮᠢᠶᠠᠷᠤᠯᠲᠠ ᠬᠢᠨᠠᠯᠲᠠ ᠪᠠ ᠤᠬᠠᠭᠤᠯᠭ᠎ᠠ ᠮᠡᠳᠡᠭᠡᠯᠡᠯ ᠢ ᠴᠢᠩᠭᠠᠳᠬᠠᠬᠤ ᠪᠠᠷ ᠳᠠᠮᠵᠢᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠨᠡᠨᠬᠦ ᠰᠠᠶᠢᠲᠤᠷ ᠬᠢᠵᠦ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠴᠠᠭ ᠲᠤᠬᠠᠢ ᠳᠤᠨᠢ ᠪᠡᠶᠡᠯᠡᠭᠦᠯᠵᠦ᠂ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃      ᠣᠶᠢᠯᠠᠭᠠᠭᠰᠠᠨ ᠢᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠥᠭᠵᠢᠯᠲᠡ ᠶᠢᠨ ᠲᠥᠯᠦᠪᠵᠢᠭᠦᠯᠭᠡ ︵2021 ︱ 2025 ᠣᠨ︶︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 2022 ᠣᠨ   ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠡᠭᠦᠳᠦᠨ ᠪᠠᠶᠢᠭᠤᠯᠬᠤ ᠠᠵᠢᠯ ᠤᠨ ᠰᠢᠨ᠎ᠡ ᠶᠢ ᠡᠭᠦᠳᠬᠦ ᠰᠡᠳᠬᠢᠮᠵᠢ ᠶᠢ ᠰᠦᠪᠡᠭᠴᠢᠯᠡᠬᠦ᠂ ᠡᠭᠦᠳᠦᠨ ᠪᠠᠶᠢᠭᠤᠯᠬᠤ ᠠᠵᠢᠯ ᠤᠨ ᠣᠨᠴᠠᠯᠢᠭᠲᠤ ᠨᠠᠷᠠᠲᠤ ᠲᠡᠮᠳᠡᠭᠲᠦ ᠶᠢ ᠡᠭᠦᠳᠬᠦ᠂ ᠡᠭᠦᠳᠦᠨ ᠪᠠᠶᠢᠭᠤᠯᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠢᠳᠡᠪᠬᠢᠲᠡᠢ ᠵᠢᠱᠢᠶ᠎ᠡ ᠦᠵᠡᠭᠦᠯᠬᠦ ᠦᠢᠯᠡᠳᠦᠯ ᠪᠠᠳᠠᠷᠠᠭᠤᠯᠤᠭᠰᠠᠨ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1