ᠲᠣᠭᠲᠠᠬᠤ ᠰᠢᠶᠠᠨ 2022—2023 ᠣᠨ ᠤ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ ᠠᠩᠬᠠᠳᠤᠭᠠᠷ ᠬᠤᠭᠤᠴᠠᠭᠠᠨ ᠤ ᠵᠣᠬᠢᠴᠠᠬᠤ ᠴᠢᠨᠠᠷᠲᠠᠢ ᠪᠣᠯᠪᠠᠰᠤᠷᠠᠭᠤᠯᠤᠯ ᠤᠨ ᠰᠤᠷᠤᠯᠭ᠎ᠠ ᠲᠡᠭᠦᠰᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/3/28
     ᠣᠶᠢᠷ᠎ᠠ ᠳᠤ᠂ ᠲᠣᠭᠲᠠᠬᠤ ᠰᠢᠶᠠᠨ ᠤ 2022 ︱ 2023 ᠣᠨ ᠤ ᠴᠡᠷᠢᠭ ᠤᠨ ᠠᠯᠪᠠᠨ   ᠠᠴᠠ ᠪᠠᠭᠤᠭᠰᠠᠨ ᠪᠠᠶᠢᠯᠳᠤᠭᠴᠢᠳ ᠤᠨ ᠠᠩᠬᠠᠳᠤᠭᠠᠷ ᠬᠤᠭᠤᠴᠠᠭᠠᠨ ᠤ ᠵᠣᠬᠢᠴᠠᠬᠤ ᠴᠢᠨᠠᠷᠲᠠᠢ ᠪᠣᠯᠪᠠᠰᠤᠷᠠᠯ ᠲᠡᠭᠦᠰ ᠠᠮᠵᠢᠯᠲᠠ ᠲᠠᠢ ᠲᠡᠭᠦᠰᠪᠡ᠃
     ᠲᠣᠰ ᠤᠳᠠᠭᠠᠨ ᠤ ᠪᠣᠯᠪᠠᠰᠤᠷᠠᠭᠤᠯᠤᠯ ᠨᠢ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ ᠶᠡᠷᠦᠩᠬᠡᠢ ᠬᠡᠪ ᠴᠢᠨᠠᠷ ᠪᠠ ᠠᠵᠢᠯ ᠣᠯᠵᠤ ᠠᠳᠠᠯ ᠦᠢᠯᠡᠰ ᠴᠣᠭᠴᠠᠯᠠᠬᠤ ᠪᠠᠷ ᠭᠤᠣᠯᠳᠠᠯᠭ᠎ᠠ ᠪᠣᠯᠭᠠᠵᠤ᠂ ᠲᠠᠪᠤᠨ ᠡᠳᠦᠷ ᠤᠨ ᠬᠤᠭᠤᠴᠠᠭ᠎ᠠ ᠲᠠᠢ ᠶᠠᠪᠤᠭᠳᠠᠬᠤ ᠪᠣᠯᠣᠨ᠎ᠠ᠂ ᠡᠭᠦᠨ ᠳᠤ ᠲᠥᠪᠬᠢᠨᠡᠭᠦᠯᠬᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠤᠷᠮ᠎ᠠ ᠰᠡᠳᠬᠢᠯᠭᠡ ᠶᠢᠨ ᠳᠠᠷᠤᠯᠲᠠ ᠪᠠ ᠰᠡᠳᠬᠢᠯ ᠤᠨ ᠪᠠᠶᠢᠳᠠᠯ ᠤᠨ ᠬᠠᠮᠢᠶᠠᠷᠤᠯᠲᠠ᠂ ᠠᠯᠪᠠᠨ ᠶᠠᠪᠤᠳᠠᠯ ᠤᠨ ᠪᠢᠴᠢᠭ ᠬᠠᠷ᠎ᠠ ᠶᠢ ᠪᠢᠴᠢᠬᠦ᠂ ᠺᠣᠮᠫᠢᠦ᠋ᠲ᠋ᠧᠷ ᠤᠨ ᠦᠨᠳᠦᠰᠦᠨ ᠠᠵᠢᠯᠯᠠᠭ᠎ᠠ᠂ ᠠᠵᠢᠯ ᠦᠢᠯᠡᠰ ᠤᠨ ᠨᠢᠭᠡᠴᠡ ᠶᠢᠨ ᠠᠯᠪᠠᠨ ᠶᠠᠪᠤᠳᠠᠯ ᠤᠨ ᠶᠣᠰᠣ ᠵᠢᠷᠤᠮ ᠤᠨ ᠶᠡᠷᠦ ᠶᠢᠨ ᠮᠡᠳᠡᠯᠭᠡ᠂ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠡᠬᠡ ᠣᠷᠣᠨᠴᠢ ᠦᠵᠡᠯ ᠤᠨ ᠲᠤᠰᠬᠠᠢ ᠰᠡᠳᠦᠪᠲᠦ ᠬᠥᠮᠦᠵᠢᠯ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠵᠡᠷᠭᠡ ᠠᠭᠤᠯᠭ᠎ᠠ ᠶᠢ ᠪᠠᠭᠲᠠᠭᠠᠨ᠎ᠠ᠃ ᠲᠣᠰ ᠤᠳᠠᠭᠠᠨ ᠤ ᠪᠣᠯᠪᠠᠰᠤᠷᠠᠭᠤᠯᠤᠯ ᠳᠤ ᠣᠨᠣᠯ ᠪᠠ ᠦᠢᠯᠡᠳᠦᠯᠭᠡ ᠶᠢ ᠤᠶᠠᠯᠳᠤᠭᠤᠯᠬᠤ᠂ ᠬᠢᠴᠢᠶᠡᠯ ᠵᠢᠭᠠᠬᠤ ᠪᠠ ᠲᠣᠭᠤᠷᠢᠨ ᠦᠵᠡᠵᠦ ᠰᠤᠷᠤᠯᠴᠠᠬᠤ ᠶᠢ ᠤᠶᠠᠯᠳᠤᠭᠤᠯᠬᠤ ᠬᠡᠯᠪᠡᠷᠢ ᠶᠢ ᠠᠪᠴᠤ᠂ ᠲᠡᠳᠡᠨ ᠢ ᠬᠥᠲᠥᠯᠥᠨ ᠵᠢᠯᠤᠭᠤᠳᠴᠤ ᠪᠠᠶᠢᠭᠠᠳ ᠳᠦᠷᠢ ᠲᠥᠷᠬᠦ ᠶᠢ ᠨᠢ ᠬᠤᠪᠢᠷᠠᠭᠤᠯᠵᠤ᠂ ᠰᠡᠳᠬᠢᠴᠡ ᠶᠢᠨ ᠪᠠᠶᠢᠳᠠᠯ ᠢ ᠨᠢ ᠵᠣᠬᠢᠴᠠᠭᠤᠯᠤᠨ᠂ ᠵᠥᠪ ᠣᠨᠣᠪᠴᠢᠲᠠᠶ ᠠᠵᠢᠯ ᠰᠣᠩᠭᠤᠬᠤ ᠦᠵᠡᠯᠲᠡ ᠶᠢ ᠪᠣᠶ ᠪᠣᠯᠭᠠᠵᠤ᠂ ᠠᠵᠢᠯ ᠣᠯᠬᠤ ᠵᠢᠱᠢᠯᠲᠡ ᠶᠢ ᠵᠦᠢ ᠵᠣᠬᠢᠰᠲᠠᠢ ᠲᠣᠬᠢᠷᠠᠭᠤᠯᠤᠨ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃
     ᠡᠨᠡ ᠬᠤᠭᠤᠴᠠᠭᠠᠨ ᠳᠤ᠂ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ ᠲᠥᠯᠥᠭᠡᠯᠡᠭᠴᠢ ᠰᠤᠷᠤᠯᠭ᠎ᠠ ᠲᠡᠭᠦᠰᠬᠦ ᠶᠠᠷᠢᠶ᠎ᠠ ᠲᠠᠯᠪᠢᠵᠠᠢ᠃ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠪᠣᠯᠪᠠᠰᠤᠷᠠᠯ ᠳᠤ ᠣᠷᠣᠯᠴᠠᠭᠰᠠᠨ ᠴᠡᠷᠢᠭ ᠤᠨ ᠠᠯᠪᠠᠨ ᠠᠴᠠ ᠪᠠᠭᠤᠭᠰᠠᠨ ᠪᠦᠬᠦ ᠪᠠᠶᠢᠯᠳᠤᠭᠴᠢ ᠰᠤᠷᠤᠭᠴᠢᠳ ᠤᠨ ᠰᠤᠷᠤᠯᠭ᠎ᠠ ᠲᠡᠭᠦᠰᠦᠭᠰᠡᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠰᠤᠷᠤᠭᠴᠢᠳ ᠤᠨ ᠪᠣᠯᠪᠠᠰᠤᠷᠠᠯ ᠲᠡᠭᠦᠰᠦᠭᠰᠡᠨ ᠤ ᠳᠠᠷᠠᠭ᠎ᠠ᠂ ᠨᠡᠶᠢᠭᠡᠮ ᠳᠤ ᠣᠷᠣᠵᠤ᠂ ᠡᠯ᠎ᠡ ᠠᠵᠢᠯ ᠤᠨ ᠪᠠᠶᠢᠷᠢᠨ ᠳᠤ ᠭᠠᠷᠴᠤ᠂ ᠴᠡᠷᠢᠭ ᠤᠨ ᠬᠥᠮᠥᠨ ᠤ ᠮᠥᠨ ᠴᠢᠨᠠᠷ ᠢᠶᠠᠨ ᠡᠭᠦᠷᠢᠳᠡ ᠬᠠᠳᠠᠭᠠᠯᠠᠵᠤ᠂ ᠰᠢᠨ᠎ᠡ ᠠᠮᠢᠳᠤᠷᠠᠯ ᠪᠠ ᠠᠵᠢᠯ ᠤᠨ ᠳᠤᠮᠳᠠ ᠪᠠᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠰᠤᠷᠤᠯᠴᠠᠯᠭ᠎ᠠ ᠪᠠᠨ ᠴᠢᠩᠭᠠᠳᠬᠠᠵᠤ᠂ ᠥᠪᠡᠷ ᠢ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠠᠵᠠ ᠲᠣᠬᠢᠶᠠᠯ ᠢ ᠡᠵᠡᠮᠳᠡᠨ᠂ ᠠᠵᠢᠯ ᠤᠨ ᠪᠠᠶᠢᠷᠢ ᠪᠠᠨ ᠬᠠᠶᠢᠷᠠᠯᠠᠨ ᠠᠵᠢᠯ ᠦᠢᠯᠡᠰ ᠢᠶᠠᠨ ᠳᠡᠭᠡᠳᠦᠯᠡᠵᠦ᠂ ᠴᠡᠷᠢᠭ ᠠᠴᠠ ᠬᠠᠯᠠᠭᠳᠠᠭᠰᠠᠳ ᠤᠨ ᠲᠣᠰ ᠪᠡᠶ᠎ᠡ ᠶᠢᠨ ᠦᠨ᠎ᠡ ᠥᠷᠲᠡᠭ ᠢ ᠨᠠᠩ ᠰᠠᠶᠢᠲᠤᠷ ᠪᠡᠶᠡᠯᠡᠭᠦᠯᠵᠦ᠂ ᠪᠥᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠ ᠳᠠᠬᠢᠨᠲᠠ ᠰᠢᠨ᠎ᠡ ᠭᠠᠪᠢᠶ᠎ᠠ ᠪᠠᠶᠢᠭᠤᠯᠵᠤ᠂ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠭᠠᠷᠭᠠᠬᠤ ᠶᠢ  ᠵᠤᠷᠢᠭᠵᠢᠭᠤᠯᠪᠠ᠃
     ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠣᠯᠪᠠᠰᠤᠷᠠᠭᠤᠯᠤᠯ ᠨᠢ ᠠᠯᠢ ᠲᠦᠷᠭᠡᠨ ᠢᠶᠠᠷ ᠨᠡᠶᠢᠭᠡᠮ ᠳᠤ ᠠᠭᠤᠰᠤᠨ ᠣᠷᠣᠵᠤ᠂ ᠰᠢᠨ᠎ᠡ ᠠᠵᠢᠯ ᠤᠨ ᠪᠠᠶᠢᠷᠢ ᠳᠤ ᠤᠷᠤᠭᠰᠢᠲᠠᠢ ᠭᠠᠷᠬᠤ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠂ ᠬᠤᠶᠢᠰᠢᠳᠠ ᠴᠡᠷᠢᠭ ᠤᠨ ᠬᠥᠮᠥᠨ ᠤ ᠮᠥᠨ ᠴᠢᠨᠠᠷ ᠢᠶᠠᠨ ᠦᠷᠭᠦᠯᠵᠢᠯᠡᠨ ᠪᠠᠲᠤᠯᠠᠵᠤ᠂ ︽ᠴᠡᠷᠢᠭ ᠠᠩᠭᠢ ᠶᠢᠨ ᠬᠥᠮᠥᠨ︾ ᠠᠴᠠ ︽ᠣᠷᠣᠨ ᠨᠤᠲᠤᠭ ᠤᠨ ᠬᠥᠮᠥᠨ︾ ᠪᠣᠯᠬᠤ ᠳᠦᠷᠢ ᠲᠥᠷᠬᠦ ᠪᠠᠨ ᠠᠯᠢ ᠲᠦᠷᠭᠡᠨ ᠢᠶᠠᠷ ᠬᠤᠪᠢᠷᠠᠭᠤᠯᠵᠤ᠂ ᠦᠵᠡᠰᠬᠦᠯᠡᠩᠲᠦ ᠰᠠᠶᠢᠬᠠᠨ ᠨᠤᠲᠤᠭ ᠤᠰᠤ ᠪᠠᠨ ᠪᠦᠲᠦᠭᠡᠨ ᠪᠠᠶᠢᠭᠤᠯᠬᠤ ᠳᠤ ᠳᠠᠬᠢᠨᠲᠠ ᠰᠢᠨ᠎ᠡ ᠭᠠᠪᠢᠶ᠎ᠠ ᠪᠠᠶᠢᠭᠤᠯᠵᠤ᠂ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠭᠠᠷᠭᠠᠨ᠎ᠠ ᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1