ᠲᠣᠭᠲᠠᠬᠤ ᠰᠢᠶᠠᠨ ᠤ ᠭᠦ᠋ ᠴᠧᠩ ᠪᠠᠯᠭᠠᠰᠤ᠄ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠢ ᠨᠠᠩ ᠦᠵᠡᠰᠬᠦᠯᠡᠩᠲᠦ ᠰᠠᠶᠢᠬᠠᠨ ᠨᠠᠩ ᠣᠷᠣᠰᠢᠨ ᠰᠠᠭᠤᠬᠤ ᠳᠤ ᠲᠣᠬᠢᠷᠠᠮᠵᠢᠲᠠᠢ  ᠪᠤᠯᠭᠠᠪᠠ
ᠨᠡᠶᠢᠲᠡᠯᠡᠭᠰᠡᠨ ᠴᠠᠭ᠄
2023/3/28
      ᠪᠠᠯᠭᠠᠰᠤ ᠲᠣᠰᠬᠤᠨ ᠤ ᠳᠦᠷᠰᠦ ᠪᠠᠶᠢᠳᠠᠯ᠂ ᠠᠮᠢ ᠠᠬᠤᠢ ᠶᠢᠨ ᠪᠣᠯᠪᠠᠰᠤᠨ ᠪᠣᠯᠣᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠢᠨᠠᠭᠰᠢᠳᠠ ᠳᠡᠭᠡᠭᠰᠢᠯᠡᠭᠦᠯᠬᠦ ᠶᠢᠨ ᠲᠥᠯᠥᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠰᠠᠭᠤᠷᠢ ᠥᠩᠭᠡ ᠶᠢ ᠵᠢᠷᠤᠭᠯᠠᠶ᠎ᠠ᠃ ᠣᠶᠢᠷ᠎ᠠ ᠶᠢᠨ ᠡᠳᠦᠷ ᠤᠳ ᠲᠤ᠂ ᠭᠦ᠋ ᠴᠧᠩ ᠪᠠᠯᠭᠠᠰᠤ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠪᠡ᠃ ᠨᠠᠮ ᠵᠠᠰᠠᠭ ᠤᠨ ᠭᠤᠣᠯ ᠤᠳᠤᠷᠢᠳᠤᠯᠭ᠎ᠠ ᠵᠢᠴᠢ ᠲᠣᠰᠬᠤᠨ ᠢ ᠳᠠᠭᠠᠭᠠᠴᠢᠯᠠᠬᠤ ᠤᠳᠤᠷᠢᠳᠤᠯᠭ᠎ᠠ ᠡᠯ᠎ᠡ ᠲᠣᠰᠬᠤᠨ ᠳᠤ ᠭᠦᠨᠵᠡᠭᠡᠶᠢᠷᠡᠨ ᠪᠣᠳᠠᠲᠠᠢ ᠭᠠᠵᠠᠷ ᠲᠤᠨᠢ ᠬᠢᠨᠠᠨ ᠵᠢᠯᠤᠭᠤᠳᠴᠤ᠂ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠬᠡᠳᠡᠷᠬᠦ ᠰᠢᠬᠠᠮᠳᠠᠭᠤᠯᠵᠤ᠂ ᠡᠯ᠎ᠡ ᠲᠣᠰᠬᠤᠨ ᠤ ᠬᠢᠨ ᠬᠦᠴᠦᠨ ᠢᠶᠠᠨ ᠴᠣᠮᠬᠠᠳᠬᠠᠵᠤ᠂ ᠮᠠᠰᠢᠨ ᠲᠥᠬᠦᠭᠡᠷᠦᠮᠵᠢ ᠶᠢ ᠲᠣᠬᠢᠷᠠᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ︽ᠶᠡᠬᠡᠪᠡᠷ ᠴᠡᠪᠡᠷᠯᠡᠬᠦ᠂ ᠶᠡᠬᠡᠪᠡᠷ ᠴᠡᠭᠴᠡᠯᠡᠨ ᠵᠠᠰᠠᠬᠤ᠂ ᠶᠡᠬᠡᠪᠡᠷ ᠳᠡᠭᠡᠭᠰᠢᠯᠡᠭᠦᠯᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠢᠯ ᠲᠣᠰᠬᠤᠨ ᠴᠡᠪᠡᠷ ᠴᠡᠮᠴᠡᠭᠡᠷ᠂ ᠣᠷᠴᠢᠨ ᠲᠣᠭᠤᠷᠢᠨ ᠭᠤᠶᠤ ᠰᠠᠶᠢᠬᠠᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠰᠢᠨ᠎ᠡ ᠬᠥᠳᠡᠭᠡ ᠲᠣᠰᠬᠤᠨ ᠢ ᠴᠢᠷᠮᠠᠶᠢᠨ ᠴᠣᠭᠴᠠᠯᠠᠪᠠ᠃
     ᠲᠣᠰ ᠤᠳᠠᠭᠠᠨ ᠤ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠳᠤ ᠵᠠᠮ ᠳᠠᠭᠠᠤ᠂ ᠣᠯᠠᠨ ᠨᠡᠶᠢᠲᠡ ᠶᠢᠨ ᠣᠷᠣᠨ ᠪᠦᠰᠡ᠂ ᠵᠡᠭᠡᠯᠢ ᠭᠤᠳᠤᠮᠵᠢ᠂ ᠭᠡᠷ ᠪᠠᠶᠢᠰᠢᠩ ᠤᠨ ᠠᠷᠤ ᠲᠠᠯ᠎ᠠ᠂ ᠭᠤᠣᠯ ᠤᠨ ᠭᠤᠯᠳᠤᠷᠢᠯ ᠭᠤᠸ ᠰᠤᠪᠠᠭ᠂ ᠲᠠᠷᠢᠶᠠᠨ ᠭᠠᠵᠠᠷ ᠤᠨ ᠬᠤᠭ ᠨᠣᠪᠰᠢ ᠶᠢ ᠴᠡᠪᠡᠷᠯᠡᠵᠦ᠂ ᠲᠣᠰᠬᠤᠨ ᠤ ᠳᠦᠷᠰᠦ ᠪᠠᠶᠢᠳᠠᠯ᠂ ᠬᠦᠷᠢᠶ᠎ᠡ ᠬᠠᠰᠢᠶ᠎ᠠ ᠶᠢᠨ ᠣᠷᠴᠢᠨ ᠨᠥᠬᠦᠴᠡᠯ᠂ ᠲᠣᠰᠬᠤᠨ ᠤ ᠠᠷᠠᠳ ᠤᠨ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠵᠠᠩ ᠳᠠᠳᠬᠠᠯ ᠢ ᠳᠡᠭᠡᠭᠰᠢᠯᠡᠭᠦᠯᠬᠦ ᠪᠠᠷ ᠭᠤᠣᠯᠳᠠᠯᠭ᠎ᠠ  ᠪᠤᠯᠭᠠᠪᠠ᠃ ᠠᠵᠢᠯᠯᠠᠭ᠎ᠠ   ᠶᠢᠨ ᠳᠤᠮᠳᠠ᠂ ᠭᠦ᠋ ᠴᠧᠩ ᠪᠠᠯᠭᠠᠰᠤᠨ ᠤ ᠡᠯ᠎ᠡ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠭᠦᠨ᠂ ᠴᠡᠪᠡᠷᠯᠡᠭᠴᠢ᠂ ᠰᠠᠶᠢᠨ ᠳᠤᠷ᠎ᠠ   ᠶᠢᠨ ᠦᠢᠯᠡᠴᠢᠯᠡᠭᠴᠢᠳ ᠥᠷᠭᠡᠨ ᠢᠶᠠᠷ ᠣᠷᠣᠯᠴᠠᠵᠤ᠂ ᠬᠠᠷᠢᠶ᠎ᠠ ᠣᠷᠣᠨ ᠤ ᠪᠠᠨ ᠬᠡᠪᠴᠢᠶᠡᠨ ᠳᠤ ᠪᠦᠬᠦ ᠲᠠᠯ᠎ᠠ ᠪᠠᠷ ᠢᠯᠭᠠᠷᠠᠭᠤᠯᠤᠨ ᠴᠡᠭᠴᠡᠯᠡᠪᠡ᠃ ᠡᠭᠦᠨ ᠠᠴᠠ ᠭᠠᠳᠠᠨ᠎ᠠ᠂ ᠭᠦ᠋ ᠴᠧᠩ ᠪᠠᠯᠭᠠᠰᠤ ᠴᠠᠭ ᠲᠤᠬᠠᠢ ᠳᠤᠨᠢ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠠᠨᠠᠭᠠᠴᠢᠯᠠᠭ᠎ᠠ ᠶᠢᠨ ᠪᠢᠴᠢᠭ ᠢ ᠲᠣᠭᠲᠠᠭᠠᠨ ᠨᠡᠶᠢᠲᠡᠯᠡᠵᠦ᠂ ᠡᠯ᠎ᠡ ᠲᠣᠰᠬᠤᠨ ᠤ ᠬᠢᠨ ᠸᠢᠴᠠᠲ ᠤᠨ ᠴᠤᠭᠯᠠᠷᠠᠯ  ᠢᠶᠠᠷ ᠳᠠᠮᠵᠢᠭᠤᠯᠤᠨ ᠥᠷᠭᠡᠨ ᠢᠶᠠᠷ ᠤᠬᠠᠭᠤᠯᠵᠤ᠂ ᠪᠦᠬᠦ ᠠᠷᠠᠳ ᠢ ᠳᠠᠶᠢᠴᠢᠯᠠᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠢ ᠣᠷᠣᠯᠴᠠᠭᠤᠯᠵᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠲᠣᠰᠬᠤᠨ ᠤ ᠳᠣᠲᠣᠷᠠᠬᠢ ᠠᠷᠢᠭᠤᠨ ᠴᠡᠪᠡᠷ ᠠᠴᠠ ᠲᠣᠰᠬᠤᠨ ᠤ ᠡᠷᠬᠢᠨ ᠲᠣᠭᠤᠷᠢᠨ ᠲᠡᠰᠢ ᠥᠷᠭᠡᠳᠬᠡᠬᠦ ᠶᠢ ᠠᠬᠢᠭᠤᠯᠵᠤ᠂ ᠲᠣᠪᠣᠶᠢᠮ᠎ᠠ ᠠᠰᠠᠭᠤᠳᠠᠯ ᠢ ᠤᠨᠢᠨ ᠳᠡᠭᠡᠷ᠎ᠡ ᠨᠢ ᠴᠡᠭᠴᠡᠯᠡᠨ ᠵᠠᠰᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠤᠯᠠᠨ ᠨᠡᠶᠢᠲᠡ ᠶᠢᠨ ᠣᠷᠴᠢᠨ ᠲᠣᠭᠤᠷᠢᠨ ᠠᠷᠢᠭᠤᠨ ᠴᠡᠪᠡᠷ᠂ ᠵᠡᠭᠡᠯᠢ ᠭᠤᠳᠤᠮᠵᠢ ᠴᠡᠪᠡᠷ ᠲᠡᠭᠰᠢ᠂ ᠡᠳᠦᠷ ᠳᠤᠳᠤᠮ ᠤᠨ ᠬᠠᠮᠢᠶᠠᠷᠤᠯᠲᠠ ᠬᠠᠮᠠᠭᠠᠯᠠᠯᠲᠠ ᠡᠮᠬᠢ ᠳᠢᠭᠯᠢᠮ ᠲᠠᠢ᠂ ᠲᠣᠰᠬᠤᠨ ᠤ ᠳᠦᠷᠰᠦ ᠪᠠᠶᠢᠳᠠᠯ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠤᠢ ᠪᠤᠯᠭᠠᠪᠠ᠃
     ᠲᠣᠰ ᠤᠳᠠᠭᠠᠨ ᠤ ᠲᠥᠪᠯᠡᠷᠡᠭᠦᠯᠦᠨ ᠴᠡᠭᠴᠡᠯᠡᠨ ᠵᠠᠰᠠᠬᠤ ᠪᠠᠷ ᠳᠡᠮᠵᠢᠨ᠂ ᠭᠦ᠋ ᠴᠧᠩ ᠪᠠᠯᠭᠠᠰᠤ ᠶᠢᠨ ᠡᠯ᠎ᠡ ᠲᠣᠰᠬᠤᠨ ᠤ ᠳᠦᠷᠰᠦ ᠪᠠᠶᠢᠳᠠᠯ ᠶᠡᠭᠡ ᠬᠡᠮᠵᠢᠶ᠎ᠡ ᠪᠠᠷ ᠳᠡᠭᠡᠭᠰᠢᠯᠡᠵᠦ᠂ ᠴᠡᠪᠡᠷ ᠲᠡᠭᠰᠢ᠂ ᠪᠣᠯᠪᠠᠰᠤᠨ ᠡᠮᠬᠢ ᠵᠢᠷᠤᠮ ᠲᠠᠢ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠪᠠ᠃ ᠳᠠᠷᠠᠭᠠᠴᠢ ᠶᠢᠨ ᠠᠯᠬᠤᠮ ᠳᠤ᠂ ᠭᠦ᠋ ᠴᠧᠩ ᠪᠠᠯᠭᠠᠰᠤ ᠶᠢᠨ ᠬᠢᠨ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠰᠠᠶᠢᠨ ᠠᠷᠭ᠎ᠠ ᠬᠡᠮᠵᠢᠶ᠎ᠡ᠂ ᠰᠠᠶᠢᠨ ᠠᠷᠭ᠎ᠠ ᠬᠢᠳᠡᠯ ᠢ ᠭᠦᠨᠵᠡᠭᠡᠢ ᠰᠦᠪᠡᠭᠴᠢᠯᠡᠵᠦ᠂ ᠲᠣᠰᠬᠤᠨ ᠤ ᠠᠷᠠᠳ ᠤᠨ ᠬᠦᠷᠲᠡᠮᠵᠢ ᠶᠢᠨ ᠲᠥᠷᠥᠭᠳᠡᠯ ᠪᠣᠯᠣᠨ ᠵᠣᠯ ᠵᠢᠷᠭᠠᠯᠲᠤ ᠲᠥᠷᠥᠭᠳᠡᠯ ᠢ ᠲᠠᠰᠤᠷᠠᠯᠳᠡ ᠦᠭᠡᠢ ᠳᠡᠭᠡᠭᠰᠢᠯᠡᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1