ᠮᠠᠨ ᠤ ᠰᠢᠶᠠᠨ ᠪᠦᠬᠦ ᠰᠢᠶᠠᠨ ᠤ ᠬᠡᠦᠬᠡᠳ ᠤᠨ ᠴᠡᠴᠡᠷᠯᠢᠭ ᠤᠨ ᠪᠠᠭᠰᠢ ᠶᠢᠨ ︽ᠤᠪᠤᠷ ᠲᠥᠪ ᠰᠤᠷᠲᠠᠯ ᠲᠥᠪ ᠮᠦᠷᠠᠯ ᠲᠥᠪ ᠪᠣᠯᠭᠠᠰᠤᠭᠠᠢ ︱ ᠰᠢᠨ᠎ᠡ ᠴᠠᠭ ᠦᠶ᠎ᠡ ᠶᠢᠨ ᠲᠦᠷᠪᠡᠨ ᠰᠠᠶᠢᠨ ᠪᠠᠭᠰᠢ ᠪᠣᠯᠰᠤᠭᠠᠢ︾ ᠭᠡᠬᠦ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠣᠯᠪᠠᠰᠤᠷᠠᠯ ᠤᠨ ᠬᠤᠷᠠᠯ ᠢ ᠡᠷᠬᠢᠯᠡᠵᠠᠢ
ᠨᠡᠶᠢᠲᠡᠯᠡᠭᠰᠡᠨ ᠴᠠᠭ᠄
2023/3/29
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠵᠠᠯᠠᠭᠤᠴᠤᠳ ᠪᠠᠭᠠᠴᠤᠳ ᠤᠨ ᠣᠷᠳᠣᠨ ᠳᠤ ᠪᠦᠬᠦ ᠰᠢᠶᠠᠨ ᠤ ᠬᠡᠦᠬᠡᠳ ᠤᠨ ᠴᠡᠴᠡᠷᠯᠢᠭ ᠤᠨ ᠪᠠᠭᠰᠢ ᠶᠢᠨ ︽ᠤᠪᠤᠷ ᠲᠥᠪ ᠰᠤᠷᠲᠠᠯ ᠲᠥᠪ ᠮᠦᠷᠠᠯ ᠲᠥᠪ ᠪᠣᠯᠭᠠᠰᠤᠭᠠᠢ ︱ᠰᠢᠨ᠎ᠡ ᠴᠠᠭ ᠦᠶ᠎ᠡ ᠶᠢᠨ ᠳᠥᠷᠪᠡ ᠶᠢ ᠪᠦᠷᠢᠳᠦᠭᠦᠯᠦᠭᠰᠡᠨ ᠰᠠᠶᠢᠨ ᠪᠠᠭᠰᠢ ᠪᠣᠯᠰᠤᠭᠠᠢ︾ ᠭᠡᠬᠦ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠣᠯᠪᠠᠰᠤᠷᠠᠯ ᠤᠨ ᠬᠤᠷᠠᠯ ᠢ ᠡᠷᠬᠢᠯᠡᠪᠡ᠃ ᠪᠠᠭᠰᠢ ᠶᠢᠨ ᠶᠣᠰᠣ ᠮᠣᠷᠠᠯ ᠪᠣᠯ ᠨᠡᠶᠢᠭᠡᠮ ᠨᠡᠶᠢᠲᠡ ᠶᠢᠨ ᠶᠣᠰᠣ ᠮᠣᠷᠠᠯ ᠤᠨ ᠨᠢᠭᠡᠨ ᠪᠦᠷᠢᠯᠳᠦᠭᠦᠨ ᠬᠡᠰᠡᠭ ᠮᠥᠨ᠂ ᠲᠡᠷᠡ ᠪᠣᠯ ᠪᠠᠭᠰᠢ ᠶᠢᠨ ᠠᠵᠢᠯ ᠮᠡᠷᠭᠡᠵᠢᠯ ᠤᠨ ᠣᠨᠴᠠᠯᠢᠭ ᠲᠤ ᠨᠡᠶᠢᠴᠡᠭᠰᠡᠨ ᠨᠢᠭᠡ ᠵᠦᠢᠯ ᠤᠨ ᠠᠵᠢᠯ ᠲᠦᠷᠦᠯ ᠤᠨ ᠨᠡᠶᠢᠲᠡ ᠶᠢᠨ ᠶᠣᠰᠣ ᠮᠣᠷᠠᠯ ᠮᠥᠨ᠂ ᠲᠡᠷᠡ ᠨᠢ ᠪᠠᠰᠠ ᠴᠤ ᠨᠡᠶᠢᠭᠡᠮ ᠤᠨ ᠰᠣᠶᠣᠯ ᠤᠨ ᠤᠷᠳᠤ ᠬᠤᠭᠤᠴᠠᠭ᠎ᠠ ᠪᠠᠷ ᠬᠤᠷᠠᠮᠳᠤᠭᠰᠠᠨ ᠣᠨᠴᠠ ᠲᠣᠭᠲᠠᠭᠰᠠᠨ ᠨᠢᠭᠡ ᠵᠦᠢᠯ ᠤᠨ ᠶᠣᠰᠣ ᠮᠣᠷᠠᠯ ᠤᠨ ᠦᠵᠡᠯᠲᠡ᠂ ᠶᠣᠰᠣ ᠮᠣᠷᠠᠯ ᠤᠨ ᠪᠠᠷᠢᠮᠵᠢᠶ᠎ᠠ᠂ ᠶᠣᠰᠣ ᠮᠣᠷᠠᠯ ᠤᠨ ᠠᠵᠢᠯᠯᠠᠭ᠎ᠠ ᠶᠢᠨ ᠶᠡᠷᠦᠩᠬᠡᠶᠢᠯᠡᠭᠰᠡᠨ ᠴᠣᠭᠴᠠ ᠮᠥᠨ᠃ ᠡᠶᠢᠮᠦ ᠠᠴᠠ ᠲᠣᠰ ᠤᠳᠠᠭᠠᠨ ᠤ ᠪᠣᠯᠪᠠᠰᠤᠷᠠᠯ ᠨᠢ ᠰᠢᠨ᠎ᠡ ᠴᠠᠭ ᠦᠶ᠎ᠡ ᠶᠢᠨ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃
     ᠲᠣᠰ ᠤᠳᠠᠭᠠᠨ ᠤ ᠪᠣᠯᠪᠠᠰᠤᠷᠠᠭᠤᠯᠤᠯ ᠳᠤ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ︽12 · 5︾ ᠶᠢᠨ ᠲᠥᠯᠦᠪᠵᠢᠭᠦᠯᠭᠡ ᠶᠢᠨ ᠬᠤᠭᠤᠴᠠᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠭᠤᠣᠯᠳᠠᠯᠭ᠎ᠠ ᠲᠠᠢ ᠰᠡᠳᠦᠪ ᠪᠣᠯᠬᠤ ︽ᠰᠤᠷᠬᠤ ᠨᠠᠰᠤᠨ   ᠠᠴᠠ ᠡᠮᠦᠨᠡᠬᠢ ᠰᠤᠷᠭᠠᠨ ᠬᠥᠮᠦᠵᠢᠯ ᠤᠨ ᠬᠡᠪ ᠵᠠᠭᠪᠤᠷ ᠤᠨ ᠣᠨᠣᠯ ᠬᠢᠭᠡᠳ ᠦᠢᠯᠡᠳᠦᠯᠭᠡ ᠶᠢᠨ ᠰᠤᠳᠤᠯᠤᠯ︾ ᠰᠤᠳᠤᠯᠭᠠᠨ ᠤ ᠰᠡᠳᠦᠪ ᠤᠨ ᠳᠤᠭᠤᠶᠢᠯᠠᠩ ᠤᠨ ᠭᠡᠰᠢᠭᠦᠨ᠂ ᠪᠡᠭᠡᠵᠢᠩ ᠤᠨ ᠴᠢ  ᠤᠪᠤᠭᠳᠤ ᠶᠢᠨ ᠵᠢᠷᠭᠤᠭ᠎ᠠ ᠨᠡᠮᠡᠬᠦ‍ ᠨᠢᠭᠡ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠭᠠᠨ ᠰᠤᠳᠤᠯᠬᠤ ᠶᠡᠷᠦᠩᠬᠡᠢ ᠬᠢᠨᠠᠭᠴᠢ ᠯᠢᠦ ᠰᠢᠶᠠ ᠶᠢ ᠲᠤᠰᠬᠠᠶᠢᠯᠠᠨ ᠤᠷᠢᠵᠤ ᠣᠯᠠᠨ ᠳᠤ ᠪᠣᠯᠪᠠᠰᠤᠷᠠᠭᠤᠯᠤᠯ ᠪᠠ ᠵᠢᠯᠣᠭᠤᠳᠤᠯᠭ᠎ᠠ ᠬᠢᠯᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1