ᠲᠣᠭᠲᠠᠬᠤ ᠰᠢᠶᠠᠨ᠄ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ  ᠭᠦᠨᠵᠡᠭᠡᠶᠢᠷᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/3/29
     ᠥᠪᠡᠷᠲᠡᠭᠡᠨ ᠵᠠᠰᠠᠬᠤ ᠣᠷᠣᠨ ᠤ ᠠᠯᠪᠠᠨ ᠲᠢᠩᠬᠢᠮ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠲᠣᠭᠲᠠᠬᠤ ᠰᠢᠶᠠᠨ ᠤ ᠬᠢᠨ ︽ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠦᠷ᠎ᠡ ᠪᠦᠲᠦᠮᠵᠢ ᠪᠠᠨ ᠲᠡᠭᠡᠭᠰᠢᠯᠡᠭᠦᠯᠦᠶ᠎ᠡ︾ ᠲᠤᠰᠬᠠᠢ ᠠᠵᠢᠯᠯᠠᠭ᠎ᠠ ᠶᠢᠨ ᠬᠠᠷᠠᠯᠲᠠ ᠱᠠᠭᠠᠷᠳᠠᠯᠭ᠎ᠠ ᠶᠢᠨ ᠲᠣᠭᠤᠷᠢᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠶᠢ ᠲᠦᠷᠭᠡᠳᠬᠡᠨ ᠠᠬᠢᠭᠤᠯᠵᠤ᠂ ᠣᠯᠠᠨ ᠲᠦᠮᠡᠨ ᠳᠤ ᠬᠠᠮᠤᠭ ᠤᠨ ᠶᠡᠭᠡ ᠬᠡᠮᠵᠢᠶ᠎ᠡ ᠪᠠᠷ ᠦᠢᠯᠡᠴᠢᠯᠡᠬᠦ ᠪᠠᠷ ᠭᠠᠷᠳᠠᠴᠠ ᠪᠣᠯᠭᠠᠨ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠯᠲᠠ ᠶᠢᠨ ᠳᠤᠮᠳᠠᠬᠢ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠬᠦ᠂ ᠬᠡᠷᠡᠭ ᠶᠠᠪᠤᠳᠠᠯ ᠤᠨ ᠨᠠᠷᠢᠨ ᠬᠠᠭᠤᠳᠠᠰᠤ ᠶᠢ ᠨᠢᠭᠡᠳᠬᠡᠬᠦ᠂ ᠪᠠᠷᠢᠮᠵᠢᠶᠠᠵᠢᠭᠤᠯᠬᠤ ᠳᠦᠷᠢᠮ ᠤᠨ ᠪᠠᠶᠢᠭᠤᠯᠤᠯᠲᠠ ᠵᠡᠷᠭᠡ ᠣᠯᠠᠨ ᠲᠠᠯ᠎ᠠ ᠶᠢ ᠵᠤᠷᠪᠤᠰ ᠳᠠᠷᠠᠭᠠᠯᠠᠨ ᠵᠢᠷᠤᠮᠵᠢᠭᠤᠯᠤᠨ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠴᠢᠨᠠᠷ ᠰᠠᠶᠢᠲᠠᠢ ᠨᠡᠪᠲᠡᠷᠡᠭᠦᠯᠬᠦ ᠪᠠᠷ ᠴᠢᠷᠮᠠᠶᠢᠨ᠎ᠠ᠃      ᠦᠢᠯᠡᠴᠢᠯᠡᠭᠡᠨ ᠤ ᠵᠦᠢᠯᠡᠰ ᠢ ᠵᠢᠷᠤᠮᠵᠢᠭᠤᠯᠵᠤ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠥᠨᠳᠥᠷ ᠪᠦᠲᠦᠮᠵᠢᠲᠡᠶ ᠪᠣᠯᠬᠤ ᠶᠢ ᠪᠠᠲᠤᠯᠠᠨ᠎ᠠ᠃ ᠦᠨᠳᠦᠰᠦᠨ ᠱᠠᠲᠤᠨ ᠤ ᠭᠦᠢᠴᠡᠳᠬᠡᠬᠦ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠵᠦᠢᠯᠡᠰ ᠤᠨ ᠭᠠᠷᠴᠠᠭ ᠤᠨ ᠨᠠᠷᠢᠨ ᠳᠠᠩᠰᠠ ᠶᠢ ᠪᠦᠬᠦ ᠲᠠᠯ᠎ᠠ ᠪᠠᠷ ᠡᠮᠬᠢᠯᠡᠨ ᠤᠷᠲᠤᠳᠬᠠᠵᠤ᠂ ᠡᠮ ᠡᠮᠨᠡᠯᠭᠡ ᠶᠢᠨ ᠳᠠᠭᠠᠳᠬᠠᠯ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠡᠮᠳᠡᠭᠴᠦᠳ ᠤᠨ ᠦᠢᠯᠡᠴᠢᠯᠡᠭᠡ ᠵᠡᠷᠭᠡ ᠬᠦᠷᠢᠶᠡᠨ ᠳᠠᠬᠢ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠭᠤᠣᠯᠳᠠᠯᠭ᠎ᠠ ᠲᠠᠢ ᠵᠦᠢᠯᠡᠰ ᠢ ᠬᠠᠮᠤᠷᠴᠤ᠂ ᠡᠮᠬᠢᠯᠡᠨ ᠭᠠᠷᠭᠠᠭᠰᠠᠨ ᠵᠦᠢᠯᠡᠰ ᠢ ᠪᠦᠬᠦᠨ ᠢ ᠠᠷᠠᠳ ᠲᠤ ᠲᠥᠬᠦᠮ ᠦᠵᠡᠭᠦᠯᠬᠦ ᠡᠯ᠎ᠡ ᠦᠢᠯᠡᠴᠢᠯᠡᠭᠡᠨ ᠤ ᠲᠥᠪ ︵ᠥᠷᠲᠡᠭᠡ︶ ᠳᠤ ᠣᠷᠣᠭᠤᠯᠤᠨ ᠰᠠᠭᠤᠯᠭᠠᠵᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠶᠢ ᠲᠥᠪᠯᠡᠷᠡᠭᠦᠯᠦᠨ ᠥᠷᠨᠢᠭᠦᠯᠬᠦ ᠶᠢᠨ ᠬᠠᠮᠲᠤ᠂ ᠡᠯ᠎ᠡ ᠵᠦᠢᠯᠡᠰ ᠢ ᠭᠦᠢᠴᠡᠳᠬᠡᠬᠦ ᠡᠲᠡᠭᠡᠳ᠂ ᠭᠦᠢᠴᠡᠳᠬᠡᠬᠦ ᠴᠠᠭ ᠬᠢᠵᠠᠭᠠᠷ᠂ ᠰᠦᠢᠳᠬᠡᠯ ᠬᠤᠷᠢᠶᠠᠬᠤ ᠪᠠᠷᠢᠮᠵᠢᠶ᠎ᠠ᠂ ᠭᠦᠢᠴᠡᠳᠬᠡᠬᠦ ᠭᠠᠵᠠᠷ ᠵᠡᠷᠭᠡ ᠲᠥᠷᠥᠯ ᠵᠦᠢᠯ ᠢ ᠲᠣᠳᠣᠷᠬᠠᠶᠢᠯᠠᠵᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠪᠣᠶ ᠪᠣᠯᠭᠠᠨ᠂ ᠢᠯᠡ ᠪᠠᠶᠢᠷᠢᠨ ᠳᠤ ᠲᠠᠯᠪᠢᠵᠤ᠂ ᠣᠯᠠᠨ ᠲᠦᠮᠡᠨ ᠤ ᠠᠪᠴᠤ ᠬᠡᠷᠡᠭᠯᠡᠬᠦ ᠳᠤ ᠲᠥᠬᠦᠮ ᠪᠣᠯᠭᠠᠬᠤ ᠶᠢᠨ ᠬᠠᠮᠲᠤ᠂ ᠠᠵᠢᠯᠲᠠᠨ ᠢ ᠲᠣᠬᠢᠷᠠᠭᠤᠯᠤᠨ ᠵᠣᠬᠢᠬᠤ ᠠᠰᠠᠭᠤᠨ ᠯᠠᠪᠯᠠᠵᠤ ᠲᠠᠶᠢᠯᠪᠤᠷᠢᠯᠠᠬᠤ ᠠᠵᠢᠯ ᠢ ᠰᠠᠶᠢᠲᠤᠷ ᠬᠢᠨ᠎ᠡ᠃      ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠵᠤ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠶᠢ ᠬᠠᠨᠤᠮᠵᠢᠲᠠᠶ ᠪᠣᠯᠭᠠᠬᠤ ᠶᠢ ᠪᠠᠲᠤᠯᠠᠨ᠎ᠠ᠃ ᠰᠢᠶᠠᠨ ᠤ ᠲᠤᠰ ᠱᠠᠲᠤᠨ ᠤ ᠬᠢᠨᠠᠨ ᠵᠥᠪᠰᠢᠶᠡᠷᠡᠬᠦ ᠲᠣᠪᠴᠢᠶ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠯᠭᠠᠰᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠢᠶᠠᠷ ᠬᠤᠯᠪᠣᠭᠠᠰᠤ ᠪᠣᠯᠭᠠᠵᠤ᠂ ᠨᠡᠶᠢᠭᠡᠮ ᠲᠣᠭᠤᠷᠢᠭ ︵ᠲᠣᠰᠬᠤᠨ︶ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠪᠠᠷ ᠰᠠᠭᠤᠷᠢ ᠪᠣᠯᠭᠠᠭᠰᠠᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠰᠢᠰᠲ᠋ᠧᠮ᠂ ᠲᠡᠷᠡᠴᠢᠯᠡᠨ ᠡᠯ᠎ᠡ ᠪᠠᠯᠭᠠᠰᠤ᠂ ᠨᠡᠶᠢᠭᠡᠮ ᠲᠣᠭᠤᠷᠢᠭ ︵ᠲᠣᠰᠬᠤᠨ︶ ᠤᠨ ᠪᠣᠳᠠᠲᠤ ᠪᠠᠶᠢᠳᠠᠯ ᠢ ᠦᠨᠳᠦᠰᠦᠯᠡᠵᠦ᠂ ︽ᠨᠠᠢᠮᠠ ᠶᠢ ᠪᠦᠷᠢᠳᠦᠭᠦᠯᠬᠦ︾ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠪᠠᠶᠢᠭᠤᠯᠵᠤ᠂ ᠲᠤᠰᠬᠠᠢ ᠬᠥᠮᠥᠨ ᠢ ᠲᠣᠭᠲᠠᠭᠠᠨ ᠬᠠᠷᠢᠭᠤᠴᠠᠯᠭ᠎ᠠ ᠶᠢ ᠲᠣᠭᠲᠠᠭᠠᠵᠤ᠂ ᠡᠭᠡᠯᠵᠢ ᠳᠤ ᠰᠠᠭᠤᠬᠤ ᠥᠷᠲᠡᠭᠡᠨ ᠤ ᠳᠠᠷᠤᠭ᠎ᠠ 136 ᠬᠥᠮᠥᠨ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢᠨ ᠣᠷᠣᠯᠠᠨ ᠭᠦᠢᠴᠡᠳᠭᠡᠭᠴᠢ ᠶᠢ 270 ᠬᠥᠮᠥᠨ ᠲᠣᠬᠢᠷᠠᠭᠤᠯᠬᠤ ᠶᠢᠨ ᠬᠠᠮᠲᠤ ᠤᠯᠠᠷᠢᠯ ᠪᠦᠷᠢ ᠬᠤᠶᠠᠷ ᠤᠳᠠᠭ᠎ᠠ ᠠᠴᠠ ᠲᠡᠭᠡᠭᠰᠡᠢ ᠪᠠᠷᠢᠮᠵᠢᠶ᠎ᠠ ᠪᠠᠷ ᠦᠨᠳᠦᠰᠦᠨ ᠱᠠᠲᠤᠨ ᠤ ᠬᠠᠪᠰᠤᠷᠤᠨ ᠣᠷᠣᠯᠠᠨ ᠭᠦᠢᠴᠡᠳᠭᠡᠭᠴᠢ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠵᠢᠴᠢ ᠰᠤᠷᠲᠠᠯ ᠤᠨ ᠪᠠᠶᠢᠭᠤᠯᠤᠯᠲᠠ ᠶᠢ ᠥᠷᠨᠢᠭᠦᠯᠵᠦ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠤᠨ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠢ ᠴᠢᠯᠦᠭᠡᠲᠡᠢ ᠲᠠᠯᠪᠢᠵᠤ᠂ ᠭᠥᠯᠢᠶᠡᠨ ᠠᠪᠴᠤ ᠳᠡᠶᠢᠯᠬᠦ ᠶᠢ ᠦᠨᠡᠨᠬᠦ ᠪᠠᠳᠤᠯᠠᠨ᠎ᠠ᠃      ᠭᠦᠢᠴᠡᠳᠬᠡᠬᠦ ᠶᠠᠪᠤᠴᠠ ᠶᠢ ᠵᠢᠷᠤᠮᠵᠢᠭᠤᠯᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠪᠠᠲᠤᠯᠠᠨ᠎ᠠ᠃ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠤᠨ ᠠᠵᠢᠯᠯᠠᠭᠠᠨ ᠤ ᠲᠣᠭᠲᠠᠴᠠ  ᠶᠢ ᠤᠷᠲᠤ ᠬᠤᠭᠤᠴᠠᠭ᠎ᠠ  ᠪᠠᠷ ᠪᠠᠳᠠᠷᠠᠭᠤᠯᠬᠤ ᠶᠢᠨ ᠲᠥᠯᠥᠭᠡ᠂ ᠦᠨᠳᠦᠰᠦᠨ ᠱᠠᠲᠤᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯ ᠤᠨ ᠵᠢᠷᠤᠮᠵᠢᠭᠰᠠᠨ ᠪᠣᠯᠪᠠᠰᠤᠷᠠᠭᠤᠯᠤᠯ ᠤᠨ ᠬᠤᠷᠠᠯ ᠢ ᠬᠤᠷᠠᠯᠳᠤᠭᠤᠯᠬᠤ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠦᠢᠯᠡᠴᠢᠯᠡᠭᠡᠨ ᠤ ᠪᠠᠶᠢᠭᠤᠯᠤᠮᠵᠢ ᠶᠢ ᠵᠢᠷᠤᠮᠵᠢᠭᠤᠯᠤᠨ ᠠᠵᠢᠯᠯᠠᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠲᠥᠪ᠂ ᠥᠷᠲᠡᠭᠡ ᠴᠡᠭ ᠨᠢᠭᠡᠪᠦᠷᠢ ᠳᠤ ᠦᠢᠯᠡᠴᠢᠯᠡᠭᠡᠨ ᠤ ᠡᠬᠡ ᠲᠠᠩᠰᠠ ᠲᠣᠬᠢᠷᠠᠭᠤᠯᠤᠨ᠂ ᠬᠡᠷᠡᠭ ᠭᠦᠢᠴᠡᠳᠬᠡᠬᠦ ᠴᠤᠪᠤᠷᠠᠯ ᠢ ᠪᠥᠬᠦ ᠲᠠᠯ᠎ᠠ ᠪᠠᠷ ᠲᠡᠮᠳᠡᠭᠯᠡᠵᠦ᠂ ᠪᠢᠲᠡᠭᠦᠦ ᠬᠠᠮᠢᠶᠠᠷᠤᠯᠲᠠ ᠶᠢ ᠪᠡᠶᠡᠯᠡᠭᠦᠯᠦᠨ᠂ ᠳᠦᠷᠢᠮ ᠤᠨ ᠪᠠᠲᠤᠯᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠩᠬ᠎ᠠ ᠠᠰᠠᠭᠤᠬᠤ ᠳᠤ ᠬᠠᠷᠢᠭᠤᠴᠠᠬᠤ᠂ ᠨᠢᠭᠡ ᠤᠳᠠᠭ᠎ᠠ ᠳᠤ ᠮᠡᠳᠡᠭᠳᠡᠬᠦ᠂ ︽ᠪᠣᠯᠵᠣᠬᠤ᠂ ᠬᠤᠶᠢᠰᠢᠯᠠᠭᠤᠯᠬᠤ᠂ ᠴᠠᠭ ᠵᠦᠷᠢᠭᠦᠯᠦᠨ ᠴᠠᠭ ᠢᠶᠠᠷ ᠦᠢᠯᠡᠴᠢᠯᠡᠬᠦ︾ ᠵᠡᠷᠭᠡ ᠠᠵᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠣᠳᠣᠬᠠᠨ ᠪᠣᠯᠲᠠᠯ᠎ᠠ᠂ ᠪᠥᠬᠦ ᠰᠢᠶᠠᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠤᠨ ᠬᠢᠨ ᠨᠠᠰᠤᠲᠠᠢ ᠪᠠᠭᠤᠷᠠᠢ ᠡᠪᠡᠳᠴᠢᠨ ᠲᠠᠢ ᠵᠡᠮᠳᠡᠭ ᠵᠢᠷᠮᠦᠰᠦᠨ ᠣᠨᠴᠠᠭᠠᠶ ᠬᠠᠮᠲᠤᠯᠢᠭ ᠤᠨ 217 ᠵᠦᠢᠯ ᠢ ᠭᠡᠷ ᠲᠤᠨᠢ ᠬᠦᠷᠭᠡᠵᠦ᠂ 27 ᠵᠦᠢᠯ ᠢ ᠳᠠᠭᠠᠭᠠᠨ ᠬᠠᠪᠰᠤᠷᠤᠨ ᠭᠦᠢᠴᠡᠳᠬᠡᠵᠦ᠂ ︽ ᠮᠦᠩᠬᠡ ᠰᠤᠪᠠᠭ ᠠᠯᠪᠠᠨ ᠭᠡᠷ · ᠲᠠᠨ ᠢ ᠬᠠᠪᠰᠤᠷᠤᠨ ᠭᠦᠢᠴᠡᠳᠬᠡᠬᠦ︾ 5 ᠵᠦᠢᠯ ᠢ ᠪᠡᠶᠡᠯᠡᠭᠦᠯᠵᠦ᠂ ᠣᠯᠠᠨ ᠲᠦᠮᠡᠨ ᠳᠤ ᠦᠢᠯᠡᠴᠢᠯᠡᠬᠦ ᠶᠢ ᠵᠢᠷᠤᠮᠵᠢᠭᠤᠯᠬᠤ᠂ ᠪᠠᠶᠢᠩᠭᠤᠵᠢᠭᠤᠯᠬᠤ᠂ ᠥᠨᠳᠥᠷ ᠦᠷ᠎ᠡ ᠪᠦᠲᠦᠮᠵᠢ ᠲᠠᠢ ᠪᠣᠯᠭᠠᠬᠤ ᠶᠢ ᠪᠡᠶᠡᠯᠡᠭᠦᠯᠦᠭᠰᠡᠨ ᠪᠠᠶᠢᠨ᠎ᠠ᠃ ︽ᠮᠦᠩᠬᠡ ᠰᠤᠪᠠᠭ ᠠᠯᠪᠠᠨ ᠭᠡᠷ · ᠲᠠᠨ ᠢ ᠬᠠᠪᠰᠤᠷᠤᠨ ᠭᠦᠢᠴᠡᠳᠬᠡᠬᠦ ᠠᠯᠪᠠᠨ ᠭᠡᠷ︾ ᠢ ᠪᠥᠬᠦ ᠰᠢᠶᠠᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠦᠢᠯᠡᠴᠢᠯᠡᠭᠡ ᠶᠢ ᠵᠢᠷᠤᠮᠵᠢᠭᠤᠯᠬᠤ᠂ ᠬᠡᠪᠰᠢᠭᠦᠯᠬᠦ᠂ ᠥᠨᠳᠥᠷ ᠦᠷ᠎ᠡ ᠪᠦᠲᠦᠮᠵᠢ ᠲᠠᠢ ᠪᠣᠯᠭᠠᠬᠤ ᠶᠢ ᠪᠡᠶᠡᠯᠡᠭᠦᠯᠪᠡ᠃      ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠰᠢᠨ᠎ᠡ ᠶᠢ ᠡᠭᠦᠳᠬᠦ ᠰᠡᠳᠬᠢᠬᠦᠢ ᠶᠢ ᠦᠷᠭᠦᠯᠵᠢᠯᠡᠨ ᠪᠠᠷᠢᠮᠲᠠᠯᠠᠵᠤ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠥᠪ ︵ᠦᠷᠳᠡᠭᠡ︶ ᠤᠨ ᠭᠦᠢᠴᠡᠳᠬᠡᠵᠦ ᠪᠣᠯᠬᠤ ᠵᠦᠢᠯᠡᠰ ᠤᠨ ᠲᠤᠭ᠎ᠠ ᠬᠡᠮᠵᠢᠶ᠎ᠡ ᠶᠢ ᠥᠷᠭᠡᠳᠬᠡᠵᠦ᠂ ᠪᠦᠬᠦ ᠰᠢᠶᠠᠨ ᠤ ᠠᠵᠤ ᠠᠬᠤᠶᠢᠯᠠᠯ ᠪᠣᠯᠣᠨ ᠤᠯᠠᠨ ᠲᠦᠮᠡᠨ ᠳᠤ ᠨᠡᠩ ᠤᠯᠠᠨ ᠡᠰᠢᠵᠢᠭᠰᠡᠨ᠂ ᠲᠤᠰᠬᠠᠶᠢᠵᠢᠭᠰᠠᠨ᠂ ᠨᠠᠷᠢᠯᠢᠭ ᠣᠨᠣᠴᠠᠲᠠᠢ ᠦᠢᠯᠡᠴᠢᠯᠡᠭᠡ ᠬᠠᠩᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠦᠨ ᠲᠣᠭᠲᠠᠬᠤ ᠰᠢᠶᠠᠨ ᠳᠤ ᠨᠠᠶᠢᠳᠠᠪᠤᠷᠢᠵᠢᠭᠤᠯᠤᠨ ᠳᠡᠯᠭᠡᠷᠡᠭᠦᠯᠬᠦ ᠶᠢ ᠠᠬᠢᠭᠤᠯᠤᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1