1 ᠳ᠋ᠤᠭᠡᠷ ᠰᠠᠷ᠎ᠠ ᠶᠢᠨ 8 ᠤ ᠡᠳᠦᠷ᠂ ᠪᠦᠬᠦ ᠤᠯᠤᠰ ᠤᠨ ᠪᠠᠶᠢᠴᠠᠭᠠᠭᠴᠢ ᠶᠢᠨ ᠳᠠᠷᠤᠭ᠎ᠠ ᠨᠠᠷ ᠤᠨ ᠬᠤᠷᠠᠯ | ᠬᠤᠷᠠᠯᠳᠤᠪᠠ᠃ ᠬᠤᠷᠠᠯ ᠠᠴᠠ ︽ᠤᠯᠤᠰ ᠤᠨ ᠲᠣᠮᠣ ᠶᠠᠪᠤᠳᠠᠯ︾ ᠢ ᠴᠠᠭ ᠢᠮᠠᠭᠲᠠ ᠪᠠᠲᠤ ᠴᠡᠭᠡᠵᠢᠯᠡᠵᠦ᠂ ᠨᠡᠶᠢᠭᠡᠮ | ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ | ᠬᠠᠷᠠᠯᠲᠠ ᠳᠤ ᠵᠣᠭᠰᠣᠵᠤ᠂ ᠪᠠᠶᠢᠴᠠᠭᠠᠬᠤ ᠠᠵᠢᠯ ᠢ ᠨᠢᠭᠡ ᠰᠡᠳᠬᠢᠯ ᠨᠢᠭᠡ ᠵᠣᠷᠢᠭ ᠢᠶᠠᠷ ᠰᠠᠶᠢᠲᠤᠷ ᠬᠢᠬᠦ ᠬᠡᠷᠡᠭᠲᠡᠢ | ᠭᠡᠵᠦ ᠵᠢᠭᠠᠵᠤ ᠭᠠᠷᠭᠠᠭᠰᠠᠨ ᠪᠥᠭᠡᠳ ︽ᠪᠠᠶᠢᠴᠠᠭᠠᠬᠤ ᠠᠵᠢᠯ ᠤᠨ ᠣᠳᠣᠬᠢᠴᠢᠯᠠᠯᠲᠠ ᠪᠠᠷ ᠤᠯᠤᠰ ᠲᠦᠷᠦ ᠬᠠᠤᠯᠢ | ᠴᠠᠭᠠᠵᠠ ᠶᠢᠨ ᠠᠵᠢᠯ ᠤᠨ ᠣᠳᠣᠬᠢᠴᠢᠯᠠᠯᠲᠠ ᠳᠤ ᠠᠭᠤᠰᠤᠯᠴᠠᠭᠤᠯᠬᠤ ᠪᠠ ᠬᠦᠴᠦᠨ ᠨᠡᠮᠡᠷᠢᠯᠡᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠢᠯᠡᠴᠢᠯᠡᠶ᠎ᠡ︾ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ | ᠳᠡᠭᠡᠳᠦ ᠬᠡᠪ ᠴᠢᠨᠠᠷ ᠪᠦᠬᠦᠢ ᠲᠤᠰᠬᠠᠶᠢᠵᠢᠭᠰᠠᠨ ᠪᠠᠶᠢᠴᠠᠭᠠᠬᠤ ᠡᠩᠨᠡᠭᠡ ᠶᠢ ᠪᠠᠶᠢᠭᠤᠯᠬᠤ ᠪᠣᠯ ᠪᠠᠶᠢᠴᠠᠭᠠᠬᠤ | ᠠᠵᠢᠯ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠢᠨ ᠰᠠᠭᠤᠷᠢ ᠪᠠ ᠪᠠᠲᠤᠯᠠᠭ᠎ᠠ ᠮᠥᠨ᠃ ᠲᠤᠭᠳᠠᠬᠤ | ᠰᠢᠶᠠᠨ ᠤ ᠪᠠᠶᠢᠴᠠᠭᠠᠬᠤ ᠬᠤᠷᠢᠶ᠎ᠠ ᠪᠦᠬᠦ ᠤᠯᠤᠰ ᠤᠨ ᠪᠠᠶᠢᠴᠠᠭᠠᠭᠴᠢ ᠶᠢᠨ ᠳᠠᠷᠤᠭ᠎ᠠ ᠨᠠᠷ ᠤᠨ ᠬᠤᠷᠠᠯᠳᠤᠭᠠᠨ ᠤ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠷᠪᠠᠨ ᠠᠷᠭ᠎ᠠ | ᠬᠡᠮᠵᠢᠶ᠎ᠡ ᠪᠠᠷ ᠪᠠᠶᠢᠴᠠᠭᠠᠬᠤ ᠠᠵᠢᠯᠲᠠᠨ ᠤ ᠤᠯᠤᠰ ᠲᠦᠷᠦ ᠶᠢᠨ ᠬᠡᠪ ᠴᠢᠨᠠᠷ᠂ ᠲᠤᠬᠠᠶᠢᠯᠠᠭᠰᠠᠨ ᠠᠵᠢᠯ ᠤᠨ ᠬᠡᠪ | ᠴᠢᠨᠠᠷ᠂ ᠠᠵᠢᠯ ᠮᠡᠷᠭᠡᠵᠢᠯ ᠤᠨ ᠶᠣᠰᠣ ᠮᠣᠷᠠᠯ ᠤᠨ ᠬᠡᠪ ᠴᠢᠨᠠᠷ ᠢ ᠳᠡᠭᠡᠭᠰᠢᠯᠡᠭᠦᠯᠵᠦ᠂ ᠳᠡᠭᠡᠳᠦ ᠬᠡᠪ ᠴᠢᠨᠠᠷ ᠪᠦᠬᠦᠢ | ᠪᠠᠶᠢᠴᠠᠭᠠᠬᠤ ᠡᠩᠨᠡᠭᠡ ᠶᠢ ᠪᠤᠢ ᠪᠣᠯᠭᠠᠵᠤ ᠪᠠᠶᠢᠴᠠᠭᠠᠬᠤ ᠠᠵᠢᠯ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠪᠠ᠃ | | | ᠨᠢᠭᠡ ᠳᠤ᠂ ᠡᠩᠨᠡᠭᠡᠨ ᠤ ᠪᠠᠶᠢᠭᠤᠯᠤᠯᠲᠠ ᠶᠢᠨ ᠣᠶᠢᠯᠠᠭᠠᠭᠳᠠᠬᠤᠨ ᠪᠣᠯ ᠠᠵᠢᠯᠯᠠᠭ᠎ᠠ ᠶᠢᠨ ᠵᠢᠯᠣᠭᠤᠳᠤᠮᠵᠢ | ᠮᠥᠨ᠂ ᠣᠶᠢᠯᠠᠭᠠᠭᠳᠠᠬᠤᠨ ᠨᠢ ᠲᠠᠭᠠᠷᠠᠬᠤ ᠦᠭᠡᠢ ᠪᠣᠯ ᠠᠵᠢᠯᠯᠠᠭ᠎ᠠ ᠶᠢ ᠬᠢᠬᠦ ᠳᠤ ᠪᠡᠷᠬᠡ ᠶᠤᠮ᠃ ᠪᠠᠶᠢᠴᠠᠭᠠᠬᠤ | ᠠᠵᠢᠯ ᠤᠨ ᠣᠳᠣᠬᠢᠴᠢᠯᠠᠯᠲᠠ ᠶᠢᠨ ᠬᠡᠷᠡᠭᠴᠡᠭᠡ ᠳᠤ ᠢᠳᠡᠪᠬᠢᠲᠡᠢ ᠪᠠᠷ ᠵᠣᠬᠢᠴᠠᠵᠤ᠂ ᠪᠠᠶᠢᠴᠠᠭᠠᠬᠤ ᠡᠩᠨᠡᠭᠡᠨ ᠤ | ᠪᠠᠶᠢᠭᠤᠯᠤᠯᠲᠠ ᠶᠢ ᠠᠬᠢᠭᠤᠯᠵᠤ᠂ ᠦᠵᠡᠯ ᠰᠠᠨᠠᠭ᠎ᠠ ᠪᠠᠨ ᠤᠯᠠᠮ ᠴᠢᠨᠠᠭᠰᠢᠳᠠ ᠴᠢᠯᠦᠭᠡᠯᠡᠵᠦ᠂ ᠨᠡᠭᠡᠭᠡᠯᠲᠡᠲᠡᠢ | ᠬᠠᠮᠲᠤᠪᠠᠷ ᠡᠳ᠋ᠯᠡᠬᠦ ᠣᠶᠢᠯᠠᠭᠠᠭᠳᠠᠬᠤᠨ ᠢ ᠪᠤᠢ ᠪᠣᠯᠭᠠᠵᠤ᠂ ᠪᠠᠶᠢᠴᠠᠭᠠᠬᠤ ᠰᠤᠷᠭᠠᠭᠤᠯᠢ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠬᠠᠮᠲᠤᠪᠠᠷ ᠡᠳ᠋ᠯᠡᠬᠦ ᠶᠡᠭᠡ ᠳᠡᠭᠡᠳᠦ ᠰᠤᠷᠭᠠᠭᠤᠯᠢ ᠶᠢᠨ ᠡᠬᠢ ᠪᠠᠶᠠᠯᠢᠭ ᠤᠨ ᠬᠦᠴᠦᠨ ᠢ | ᠠᠮᠢᠳᠤᠯᠢᠭ ᠪᠣᠯᠭᠠᠬᠤ ᠬᠡᠷᠡᠭᠲᠡᠢ᠃ ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠥᠪᠥᠷ ᠮᠣᠩᠭᠤᠯ ᠤᠨ ᠡᠳ᠋ ᠤᠨ | ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠲᠠᠢ ︽ᠰᠤᠷᠭᠠᠭᠤᠯᠢ ᠪᠠᠶᠢᠴᠠᠭᠠᠬᠤ ᠬᠠᠮᠲᠤᠷᠠᠯᠴᠠᠭ᠎ᠠ︾ ᠶᠢᠨ | ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠪᠥᠭᠡᠳ 2 ᠳ᠋ᠤᠭᠠᠷ ᠰᠠᠷ᠎ᠠ ᠶᠢᠨ 14 ᠤ ᠡᠳᠦᠷ ︽ᠵᠢᠭᠠᠨ | ᠰᠤᠷᠭᠠᠬᠤ ᠳᠠᠳᠤᠯᠭ᠎ᠠ ᠪᠠ ᠪᠣᠳᠠᠲᠤ ᠶᠠᠪᠤᠳᠠᠯ ᠤᠨ ᠰᠤᠳᠤᠯᠭᠠᠨ ᠤ ᠰᠠᠭᠤᠷᠢᠨ ᠭᠠᠵᠠᠷ︾ ᠢ ᠬᠠᠮᠲᠤ ᠪᠠᠷ ᠪᠠᠶᠢᠭᠤᠯᠵᠤ᠂ | ᠬᠠᠤᠯᠢ ᠶᠢᠨ ᠤᠬᠠᠭᠠᠨ ᠤ ᠵᠢᠭᠠᠨ ᠰᠤᠷᠭᠠᠬᠤ ᠰᠢᠨᠵᠢᠯᠡᠬᠦ ᠤᠬᠠᠭᠠᠨ ᠤ ᠰᠤᠳᠤᠯᠭᠠᠨ ᠬᠢᠭᠡᠳ ᠪᠠᠶᠢᠴᠠᠭᠠᠬᠤ | ᠦᠢᠯᠡᠳᠦᠯᠭᠡ ᠶᠢᠨ ᠬᠠᠷᠢᠯᠴᠠᠨ ᠦᠢᠯᠡᠳᠦᠯᠴᠡᠵᠦ ᠬᠠᠷᠢᠯᠴᠠᠨ ᠨᠥᠬᠦᠪᠦᠷᠢᠯᠡᠬᠦ ᠬᠠᠷᠢᠯᠴᠠᠨ ᠬᠠᠪᠰᠤᠷᠤᠯᠴᠠᠬᠤ ᠬᠠᠷᠢᠯᠴᠠᠨ | ᠠᠭᠤᠰᠤᠯᠴᠠᠬᠤ ᠶᠢ ᠠᠬᠢᠭᠤᠯᠵᠤ᠂ ᠪᠠᠶᠢᠴᠠᠭᠠᠬᠤ ᠤᠨᠤᠯ ᠤᠨ ᠪᠠᠶᠢᠴᠠᠭᠠᠨ ᠰᠤᠳᠤᠯᠬᠤ ᠠᠵᠢᠯ ᠢ ᠤᠯᠠᠮ ᠨᠢᠭᠡ | ᠠᠯᠬᠤᠮ ᠴᠢᠩᠭᠠᠳᠬᠠᠵᠤ᠂ ᠭᠠᠳᠠᠭᠠᠳᠤ ᠬᠦᠴᠦᠨ ᠭᠠᠳᠠᠭᠠᠳᠤ ᠤᠬᠠᠭᠠᠨ ᠢ ᠠᠰᠢᠭᠯᠠᠨ ᠥᠨᠳᠥᠷ ᠬᠡᠪ ᠴᠢᠨᠠᠷ ᠪᠦᠬᠦᠢ | ᠪᠠᠶᠢᠴᠠᠭᠠᠬᠤ ᠡᠩᠨᠡᠭᠡ ᠶᠢ ᠪᠠᠶᠢᠭᠤᠯᠪᠠ᠃ ᠣᠳᠣᠬᠠᠨ ᠳᠤ ᠰᠠᠭᠤᠷᠢᠨ ᠭᠠᠵᠠᠷ ᠲᠤ ︽ᠬᠠᠲᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠰᠣᠶᠣᠯ ᠤᠨ ᠬᠠᠮᠠᠭᠠᠯᠠᠯᠲᠠ ᠶᠢᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ | ᠪᠠᠶᠢᠴᠠᠭᠠᠬᠤ ᠰᠤᠳᠤᠯᠭᠠᠨ ᠤ ᠲᠥᠪ︾ ᠢ ᠪᠠᠶᠢᠭᠤᠯᠵᠤ᠂ ᠲᠣᠰ ᠲᠥᠪ ᠤᠨ ᠪᠠᠶᠢᠭᠤᠯᠤᠭᠳᠠᠭᠰᠠᠨ ᠨᠢ ᠲᠣᠭᠲᠠᠬᠤ | ᠰᠢᠶᠠᠨ ᠤ ᠪᠠᠶᠢᠴᠠᠭᠠᠬᠤ ᠬᠤᠷᠢᠶ᠎ᠠ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠰᠣᠶᠣᠯ ᠤᠨ | ᠬᠠᠮᠠᠭᠠᠯᠠᠯᠲᠠ ᠶᠢᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢ ᠭᠦᠨᠵᠡᠭᠡᠢ ᠥᠷᠨᠢᠭᠦᠯᠬᠦ ᠶᠢ ᠠᠬᠢᠭᠤᠯᠬᠤ | ᠣᠨᠣᠯ ᠤᠨ ᠰᠤᠳᠤᠯᠭᠠᠨ ᠪᠠ ᠦᠢᠯᠡᠳᠦᠯᠭᠡ ᠶᠢᠨ ᠰᠠᠭᠤᠷᠢᠨ ᠭᠠᠵᠠᠷ ᠢ ᠪᠦᠳᠦᠭᠡᠨ ᠪᠠᠶᠢᠭᠤᠯᠤᠨ᠎ᠠ᠃ | | | ᠬᠤᠶᠠᠷ ᠲᠤ᠂ ᠡᠩᠨᠡᠭᠡᠨ ᠤ ᠬᠡᠪ ᠴᠢᠨᠠᠷ ᠪᠠ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠤᠨ᠎ᠠ᠃ | ᠪᠠᠶᠢᠴᠠᠭᠠᠬᠤ ᠠᠵᠢᠯ ᠪᠣᠯ ᠤᠯᠤᠰ ᠲᠥᠷᠥᠴᠢ ᠴᠢᠨᠠᠷ᠂ ᠲᠤᠬᠠᠶᠢᠯᠠᠭᠰᠠᠨ ᠠᠵᠢᠯ ᠤᠨ ᠴᠢᠨᠠᠷ ᠢᠶᠠᠷ ᠮᠠᠰᠢ ᠴᠢᠩᠭ᠎ᠠ | ᠠᠵᠢᠯ ᠮᠥᠨ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ ᠪᠠᠶᠢᠬᠤ ᠬᠡᠷᠡᠭᠲᠡᠢ ᠮᠥᠷᠲᠡᠭᠡᠨ ᠡᠷᠳᠡᠮ | ᠴᠢᠳᠠᠪᠤᠷᠢ ᠪᠠᠷ ᠴᠤ ᠴᠢᠩᠭ᠎ᠠ ᠪᠠᠶᠢᠬᠤ ᠬᠡᠷᠡᠭᠲᠡᠢ᠃ ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠵᠠᠯᠠᠭᠤᠴᠤᠳ ᠤᠨ | ᠤᠨᠤᠯ ᠰᠤᠷᠤᠯᠴᠠᠬᠤ ᠳᠤᠭᠤᠶᠢᠯᠠᠩ ᠢᠶᠠᠷ ᠭᠠᠷᠳᠠᠴᠠ ᠪᠣᠯᠭᠠᠵᠤ᠂ ᠪᠠᠶᠢᠴᠠᠭᠠᠬᠤ ᠠᠵᠢᠯᠲᠠᠳ ᠤᠨ ᠤᠨᠤᠯ ᠢᠶᠠᠷ | ᠵᠡᠪᠰᠡᠭᠯᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠪᠠᠶᠢᠴᠠᠭᠠᠬᠤ ᠡᠩᠨᠡᠭᠡ ᠶᠢ | ᠬᠦᠴᠦᠯᠡᠨ ᠪᠠᠶᠢᠭᠤᠯᠪᠠ᠃ ︽ᠲᠣᠭᠲᠠᠬᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠬᠠᠢ | ᠬᠡᠷᠡᠭᠵᠢᠭᠦᠯᠬᠦ ᠲᠥᠰᠥᠯ︾ ᠢ ᠲᠣᠭᠲᠠᠭᠠᠵᠤ᠂ ᠸᠢᠴᠠᠲ ᠤᠨ ᠤᠯᠠᠨ ᠨᠡᠶᠢᠲᠡ ᠶᠢᠨ ᠳ᠋ᠤᠭᠠᠷ ᠲᠤ ︽ᠬᠤᠷᠢᠳᠤᠭᠠᠷ ᠶᠡᠭᠡ | ᠬᠤᠷᠠᠯ ᠢ ᠪᠡᠯᠭᠡᠯᠡᠬᠦ︾ ᠲᠤᠰᠬᠠᠢ ᠪᠤᠯᠤᠩ ᠭᠠᠷᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠬᠤ ᠶᠢ ᠨᠡᠶᠢᠳᠡᠮ ᠬᠠᠮᠤᠷᠤᠭᠤᠯᠤᠨ ᠥᠷᠨᠢᠭᠦᠯᠵᠦ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠦᠨᠡᠨᠴᠢ ᠪᠠᠷ ᠬᠡᠷᠡᠭᠵᠢᠭᠦᠯᠵᠦ᠂ ᠪᠠᠶᠢᠴᠠᠭᠠᠬᠤ ᠠᠵᠢᠯᠲᠠᠨ ᠤ ᠤᠯᠤᠰ | ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ | ᠬᠡᠷᠡᠭᠵᠢᠭᠦᠯᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠪᠡ᠃ ᠡᠭᠦᠨ ᠤ ᠬᠠᠮᠲᠤ᠂ ᠡᠯ᠎ᠡ ᠱᠤᠭᠤᠮ᠂ ᠡᠯ᠎ᠡ ᠠᠵᠢᠯ ᠤᠨ | ᠪᠠᠶᠢᠷᠢ ᠶᠢᠨ ᠪᠠᠶᠢᠴᠠᠭᠠᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠬᠠᠤᠯᠢ | ᠴᠠᠭᠠᠵᠠ ᠶᠢᠨ ᠠᠵᠢᠯ ᠮᠡᠷᠭᠡᠵᠢᠯ ᠤᠨ ᠬᠠᠮᠲᠤ ᠶᠢᠨ ᠴᠣᠭᠴᠠ ᠶᠢᠨ ᠬᠠᠮᠲᠤ ᠶᠢᠨ ᠪᠣᠯᠪᠠᠰᠤᠷᠠᠯ ᠢ ᠭᠦᠨᠵᠡᠭᠡᠶᠢᠷᠡᠭᠦᠯᠵᠦ᠂ | ᠤᠳᠤ ᠪᠣᠯᠲᠠᠯ᠎ᠠ ᠨᠡᠶᠢᠳᠡ 75 ᠬᠥᠮᠥᠨ ᠤ ᠪᠣᠯᠪᠠᠰᠤᠷᠠᠯ ᠢ 4 ᠤᠳᠠᠭ᠎ᠠ ᠥᠷᠨᠢᠭᠦᠯᠵᠦ᠂ ᠪᠠᠶᠢᠴᠠᠭᠠᠬᠤ ᠠᠵᠢᠯᠲᠠᠨ ᠤ | ᠲᠥᠷᠥᠯᠬᠢ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ | ᠪᠣᠳᠠᠲᠤ ᠪᠠᠶᠢᠯᠳᠤᠭᠠᠨ ᠤ ᠴᠢᠳᠠᠪᠤᠷᠢ ᠶᠢ ᠤᠷᠳᠤ ᠬᠤᠭᠤᠴᠠᠭ᠎ᠠ ᠪᠠᠷ ᠴᠢᠷᠮᠠᠶᠢᠨ ᠳᠡᠭᠡᠭᠰᠢᠯᠡᠭᠦᠯᠪᠡ᠃ | ᠭᠤᠷᠪᠠ ᠳᠤ᠂ ᠡᠩᠨᠡᠭᠡᠨ ᠤ ᠬᠠᠮᠢᠶᠠᠷᠤᠯᠲᠠ ᠬᠢᠨᠠᠯᠲᠠ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠪᠠ᠃ | ᠰᠢᠨᠵᠢᠯᠡᠬᠦ ᠤᠬᠠᠭᠠᠨᠴᠢ ᠬᠠᠮᠢᠶᠠᠷᠤᠯᠲᠠ ᠪᠠᠷ ᠦᠷ᠎ᠡ ᠠᠰᠢᠭ ᠭᠠᠷᠭᠠᠵᠤ ᠲᠠᠶᠢᠴᠢᠨ ᠬᠦᠴᠦᠨ ᠢ ᠪᠤᠢ ᠪᠣᠯᠭᠠᠬᠤ ᠳᠤ | ᠪᠠᠶᠢᠴᠠᠭᠠᠬᠤ ᠡᠩᠨᠡᠭᠡᠨ ᠤ ᠪᠠᠶᠢᠭᠤᠯᠤᠯᠲᠠ ᠶᠢ ᠡᠷᠬᠡᠪᠰᠢ ᠤᠳᠤ ᠦᠶ᠎ᠡ ᠶᠢᠨ ᠬᠠᠮᠢᠶᠠᠷᠤᠯᠲᠠ ᠶᠢᠨ | ᠣᠶᠢᠯᠠᠭᠠᠭᠳᠠᠬᠤᠨ ᠢᠶᠠᠷ ᠭᠦᠢᠴᠡᠳ ᠲᠣᠯᠢ ᠪᠣᠯᠭᠠᠵᠤ᠂ ᠣᠳᠣᠬᠢᠴᠢᠯᠠᠭᠰᠠᠨ ᠪᠠᠶᠢᠴᠠᠭᠠᠬᠤ ᠬᠠᠮᠢᠶᠠᠷᠤᠯᠲᠠ ᠶᠢᠨ | ᠳᠦᠷᠢᠮ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ | ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠᠨ ᠰᠢᠯᠢᠳᠡᠭᠵᠢᠭᠦᠯᠵᠦ᠂ ᠪᠠᠶᠢᠴᠠᠭᠠᠬᠤ ᠠᠵᠢᠯᠲᠠᠨ ᠤ ᠪᠦᠬᠦ | ᠠᠵᠢᠯᠲᠠᠨ᠂ ᠪᠦᠬᠦ ᠲᠠᠯ᠎ᠠ ᠶᠢᠨ᠂ ᠪᠦᠬᠦ ᠴᠠᠭ ᠤᠨ ᠬᠢᠨᠠᠨ ᠰᠢᠯᠭᠠᠬᠤ ᠲᠣᠭᠲᠠᠴᠠ ᠶᠢ ᠦᠷᠭᠦᠯᠵᠢᠯᠡᠨ | ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠺᠠᠳ᠋ᠷᠴᠤᠳ ᠤᠨ ᠳᠠᠪᠰᠢᠵᠤ ᠪᠣᠯᠬᠤ ᠮᠥᠷᠲᠡᠭᠡᠨ ᠪᠠᠭᠤᠵᠤ ᠴᠤ ᠪᠣᠯᠬᠤ᠂ | ᠠᠵᠢᠯᠲᠠᠨ ᠤ ᠲᠤᠭ᠎ᠠ ᠶᠢ ᠣᠷᠣᠭᠤᠯᠵᠤ ᠪᠣᠯᠬᠤ ᠮᠥᠷᠲᠡᠭᠡᠨ ᠭᠠᠷᠴᠤ ᠴᠤ ᠪᠣᠯᠬᠤ ᠶᠢ ᠲᠦᠯᠬᠢᠨ ᠠᠬᠢᠭᠤᠯᠪᠠ᠃ | ᠡᠭᠦᠨ ᠤ ᠵᠡᠷᠭᠡ ᠳᠤ᠂ ᠨᠢᠭᠡ ᠮᠥᠴᠡ ᠴᠦ ᠵᠣᠭᠰᠣᠯ ᠦᠭᠡᠢ ᠴᠢᠩᠭ᠎ᠠ ᠠᠳᠬᠤᠨ ᠴᠢᠩᠭ᠎ᠠ ᠬᠠᠮᠢᠶᠠᠷᠴᠤ᠂ ᠵᠢᠯ ᠤᠨ | ᠡᠬᠢᠨ ᠳᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ | ᠬᠠᠷᠢᠭᠤᠴᠠᠯᠭ᠎ᠠ ᠶᠢᠨ ᠪᠢᠴᠢᠭ ᠪᠠ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ | ᠴᠠᠭᠳᠠᠭ᠎ᠠ ᠶᠢᠨ ︽ᠠᠷᠪᠠ ᠶᠢ ᠴᠢᠩᠭ᠎ᠠ ᠴᠠᠭᠠᠵᠠᠯᠠᠬᠤ︾ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ | ᠪᠠᠶᠢᠴᠠᠭᠠᠬᠤ ᠠᠵᠢᠯᠲᠠᠨ ᠤ ᠨᠠᠢᠮᠠᠨ ᠴᠠᠭ ᠠᠴᠠ ᠭᠠᠳᠠᠨᠠᠬᠢ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠦᠨ᠂ ᠪᠠᠶᠢᠴᠠᠭᠠᠬᠤ ᠠᠵᠢᠯᠲᠠᠨ ᠤ ᠪᠦᠬᠦ ᠲᠠᠯ᠎ᠠ ᠶᠢᠨ ᠬᠠᠮᠢᠶᠠᠷᠤᠯᠲᠠ ᠪᠠ ᠪᠠᠶᠢᠩᠭᠤ ᠶᠢᠨ ᠴᠢᠨᠠᠷᠲᠠᠢ | ᠬᠢᠨᠠᠯᠲᠠ ᠶᠢ ᠴᠢᠩᠭᠠᠳᠬᠠᠵᠤ᠂ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ | ︽ᠭᠤᠷᠪᠠᠨ ᠲᠣᠭᠲᠠᠭᠠᠯ︾ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠪᠠᠶᠢᠴᠠᠭᠠᠬᠤ ᠠᠵᠢᠯᠲᠠᠨ ᠤ ᠲᠤᠰᠢᠶᠠᠯ | ᠬᠠᠷᠢᠭᠤᠴᠠᠯᠭ᠎ᠠ ᠪᠠᠨ ᠬᠠᠤᠯᠢ ᠶᠣᠰᠣᠭᠠᠷ ᠵᠥᠪ ᠵᠢᠷᠤᠮᠵᠢᠭᠤᠨ ᠭᠦᠢᠴᠡᠳᠬᠡᠬᠦ ᠶᠢ ᠦᠨᠡᠨ ᠬᠦ ᠪᠠᠲᠤᠯᠠᠪᠠ᠃ |