ᠬᠠᠩᠰᠢ ᠶᠢᠨ ᠪᠣᠯᠪᠠᠰᠤᠨ ᠲᠠᠬᠢᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ 
ᠨᠡᠶᠢᠲᠡᠯᠡᠭᠰᠡᠨ ᠴᠠᠭ᠄
2023/3/30
ᠬᠤᠲᠠ ᠬᠥᠳᠡᠭᠡ ᠶᠢᠨ ᠥᠷᠭᠡᠨ ᠤᠯᠠᠨ ᠰᠠᠭᠤᠭᠠᠯᠢ ᠠᠷᠠᠳ ᠲᠤ᠄      ᠬᠠᠪᠤᠷ ᠪᠤᠯᠵᠦ᠂ ᠬᠠᠩᠰᠢ ᠤᠶᠢᠷᠡᠳᠦᠯ᠎ᠠ᠃ ᠬᠠᠩᠰᠢ ︵4 ᠰᠠᠷ᠎ᠠ   ᠶᠢᠨ 5 ᠤ ᠡᠳᠦᠷ︶ ᠪᠣᠯ ᠮᠠᠨ ᠤ ᠤᠯᠤᠰ ᠤᠨ ᠤᠯᠠᠮᠵᠢᠯᠠᠯᠲᠤ ᠳᠠᠬᠢᠯᠭ᠎ᠠ ᠶᠢᠨ ᠡᠳᠦᠷ᠂ ᠳᠡᠭᠡᠳᠦᠰ ᠢᠶᠠᠨ ᠳᠠᠭᠢᠬᠤ ᠪᠠ ᠣᠩᠭᠤᠨ ᠱᠦᠭᠦᠷᠳᠡᠬᠦ ᠡᠳᠦᠷ᠃ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠨᠥᠭᠴᠢᠭᠰᠡᠳ ᠢᠶᠠᠨ ᠲᠠᠬᠢᠵᠤ᠂ ᠭᠠᠰᠢᠭᠤᠳᠠᠯ ᠢᠶᠠᠨ ᠢᠯᠡᠳᠬᠡᠵᠦ ᠪᠠᠶᠢᠭ᠎ᠠ ᠲᠠᠰᠢᠷᠠᠮ ᠢᠶᠠᠷ᠂ ᠪᠣᠯᠪᠠᠰᠤᠨ ᠤ ᠲᠠᠬᠢᠯᠭ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠪᠦᠬᠦ ᠨᠡᠶᠢᠭᠡᠮ ᠳᠤ ᠪᠣᠯᠪᠠᠰᠤᠨ ᠡᠷᠡᠭᠦᠯ᠂ ᠪᠣᠬᠢᠷᠳᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ᠂ ᠠᠮᠤᠷ ᠲᠦᠪᠰᠢᠨ ᠡᠮᠬᠢ ᠳᠢᠭᠯᠢᠮ ᠲᠠᠢ ᠰᠠᠶᠢᠨ ᠰᠠᠶᠢᠬᠠᠨ ᠲᠠᠬᠢᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠣᠨᠴᠠᠭᠠᠶᠢᠯᠠᠨ ᠥᠷᠭᠡᠨ ᠤᠯᠠᠨ ᠬᠤᠳᠠ ᠬᠥᠳᠡᠭᠡ ᠶᠢᠨ ᠰᠠᠭᠤᠭᠠᠯᠢ ᠠᠷᠠᠳ ᠲᠤ ᠪᠣᠯᠪᠠᠰᠤᠨ ᠤ ᠲᠠᠬᠢᠯᠭ᠎ᠠ ᠶᠢᠨ ᠰᠠᠨᠠᠭᠠᠴᠢᠯᠠᠭ᠎ᠠ ᠶᠢ ᠳᠡᠪᠰᠢᠭᠦᠯᠦᠶ᠎ᠡ᠄      ᠨᠢᠭᠡ᠂ ᠪᠣᠯᠪᠠᠰᠤᠨ ᠤ ᠳᠠᠬᠢᠯᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠠᠬᠢᠯᠭ᠎ᠠ᠃ ᠥᠷᠭᠡᠨ ᠤᠯᠠᠨ ᠬᠤᠳᠠ ᠬᠥᠳᠡᠭᠡ ᠶᠢᠨ ᠰᠠᠭᠤᠭᠠᠯᠢ ᠠᠷᠠᠳ ᠹᠧᠣᠳᠠᠯ ᠤᠨ ᠮᠤᠬᠤᠷ ᠰᠦᠰᠦᠭ ᠤᠨ ᠲᠠᠬᠢᠯᠭ᠎ᠠ ᠶᠢᠨ ᠬᠡᠷᠡᠭᠰᠡᠯ ᠢ ᠪᠣᠷᠣᠯᠠᠭᠤᠯᠬᠤ ᠦᠭᠡᠢ᠂ ᠬᠤᠳᠠᠯᠳᠤᠨ ᠠᠪᠬᠤ ᠦᠭᠡᠢ᠂ ᠬᠡᠷᠡᠭᠯᠡᠬᠦ ᠦᠭᠡᠢ ᠪᠠᠶᠢᠬᠤ ᠶᠢ ᠤᠬᠠᠮᠰᠠᠷ ᠠᠴᠠ ᠪᠠᠨ ᠪᠡᠶᠡᠯᠡᠭᠦᠯᠵᠦ᠂ ᠵᠡᠭᠡᠯᠢ ᠭᠤᠳᠤᠮᠵᠢ᠂ ᠬᠤᠷᠢᠶᠠᠯᠠᠯ᠂ ᠨᠣᠭᠤᠭᠠᠨ ᠭᠠᠵᠠᠷ᠂ ᠠᠭᠤᠳᠠᠮ ᠲᠠᠯᠠᠪᠠᠢ ᠵᠡᠷᠭᠡ ᠤᠯᠠᠨ ᠨᠡᠶᠢᠲᠡ ᠶᠢᠨ ᠲᠠᠯᠠᠪᠤᠷ ᠭᠠᠵᠠᠷ ᠪᠠ ᠠᠭᠤᠯᠠᠨ ᠣᠷᠣᠢ᠂ ᠣᠶᠢᠲᠤ ᠭᠠᠵᠠᠷ ᠵᠡᠷᠭᠡ ᠭᠠᠯ ᠤᠨ ᠭᠠᠮᠰᠢᠭ ᠤᠨ ᠲᠠᠯᠳᠠ ᠭᠡᠮ ᠣᠷᠣᠰᠢᠵᠤ ᠪᠠᠶᠢᠭ᠎ᠠ ᠭᠠᠵᠠᠷ ᠲᠤ ᠴᠠᠭᠠᠰᠤᠨ ᠵᠣᠭᠤᠰ ᠰᠢᠲᠠᠭᠠᠬᠤ ᠦᠭᠡᠢ᠂ ᠲᠠᠬᠢᠯᠭ᠎ᠠ ᠶᠢᠨ ᠪᠣᠳᠠᠰ ᠢ ᠠᠰᠬᠠᠵᠤ ᠬᠠᠶᠠᠬᠤ ᠦᠭᠡᠢ᠂ ᠬᠠᠭᠤᠴᠢᠨ ᠶᠣᠰᠣ ᠪᠦᠳᠦᠭᠦᠯᠢᠭ ᠵᠠᠩᠰᠢᠯ ᠢ ᠤᠬᠠᠮᠰᠠᠷ ᠠᠴᠠ ᠪᠠᠨ ᠲᠠᠶᠠᠭᠳᠠᠵᠤ᠂ ᠹᠧᠣᠳᠠᠯ ᠤᠨ ᠮᠤᠬᠤᠷ ᠰᠦᠰᠦᠭ ᠤᠨ ᠠᠵᠢᠯᠯᠠᠭ᠎ᠠ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠡᠰᠡᠷᠭᠦᠴᠡᠨ ᠬᠤᠷᠢᠭᠯᠠᠬᠤ ᠬᠡᠷᠡᠭᠲᠡᠢ᠃      ᠬᠤᠶᠠᠷ᠂ ᠨᠠᠰᠤᠲᠠᠨ ᠢᠶᠠᠨ ᠬᠦᠨᠳᠦᠯᠡᠵᠦ᠂ ᠵᠠᠩ ᠳᠠᠳᠬᠠᠯ ᠢ ᠥᠭᠡᠷᠡᠴᠢᠯᠡᠬᠦ ᠬᠡᠷᠡᠭᠲᠡᠢ᠃ ︽ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠠᠴᠢᠯᠠᠬᠤ︾ ᠤᠯᠠᠮᠵᠢᠯᠠᠯᠲᠤ ᠰᠠᠶᠢᠬᠠᠨ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠠᠮᠢᠳᠤ ᠪᠠᠶᠢᠭ᠎ᠠ ᠨᠠᠰᠤᠲᠠᠶᠢᠴᠤᠳ ᠲᠤ ᠠᠴᠢᠯᠠᠯ ᠤᠨ ᠶᠣᠰᠣ ᠶᠢ ᠢᠯᠡᠭᠦᠬᠡᠨ ᠭᠦᠢᠴᠡᠳᠬᠡᠵᠦ᠂ ᠨᠠᠰᠤᠲᠠᠶᠢᠴᠤᠳ ᠢ ᠠᠰᠠᠷᠠᠮᠵᠢ ᠲᠠᠢ᠂ ᠪᠠᠶᠠᠷ ᠴᠡᠩᠭᠡᠯ ᠲᠠᠢ ᠪᠠᠶᠢᠯᠭᠠᠨ᠎ᠠ᠃ ᠨᠠᠰᠤᠲᠠᠨ ᠢ ᠨᠠᠰᠤ ᠪᠠᠷᠠᠭᠰᠠᠨ ᠤ ᠳᠠᠷᠠᠭ᠎ᠠ ᠠᠮᠢ ᠠᠬᠤᠢ ᠶᠢᠨ ᠲᠠᠯ᠎ᠠ ᠪᠠᠷ ᠣᠷᠣᠰᠢᠭᠤᠯᠵᠤ᠂ ᠠᠷᠪᠢᠴᠢ ᠭᠠᠮᠲᠠᠢ ᠪᠠᠷ ᠲᠠᠬᠢᠯ ᠡᠷᠭᠦᠨ᠎ᠡ᠃ ᠭᠡᠷ ᠪᠦᠯᠢ ᠪᠠᠷ ᠢᠶᠠᠨ ᠮᠥᠷᠥᠭᠡᠳᠦᠨ ᠰᠠᠨᠠᠭᠠᠯᠵᠠᠬᠤ᠂ ᠰᠣᠷᠭᠤᠭ ᠴᠡᠴᠡᠭ ᠬᠦᠷᠭᠡᠬᠦ᠂ ᠮᠣᠳᠣ ᠳᠠᠷᠢᠵᠤ ᠨᠣᠭᠤᠭᠠᠷᠠᠭᠤᠯᠬᠤ᠂ ᠵᠠᠬᠢᠶ᠎ᠠ ᠪᠢᠴᠢᠬᠦ ᠵᠡᠷᠭᠡ ᠠᠷᠭ᠎ᠠ ᠮᠠᠶ᠋ᠢᠭ ᠢᠶᠠᠷ ᠬᠠᠭᠤᠴᠢᠨ ᠨᠠᠶᠢᠵᠠ ᠪᠠᠨ ᠳᠤᠷᠠᠰᠤᠨ ᠰᠠᠨᠠᠭᠠᠯᠵᠠᠬᠤ ᠶᠢ ᠰᠠᠨᠠᠭᠠᠴᠢᠯᠠᠵᠤ᠂ ᠪᠣᠳᠠᠲᠤ ᠪᠣᠳᠠᠰ ᠤᠨ ᠳᠠᠬᠢᠯᠭ᠎ᠠ ᠠᠴᠠ ᠣᠶᠤᠨ ᠰᠠᠨᠠᠭᠠᠨ ᠤ ᠤᠯᠠᠮᠵᠢᠯᠠᠯ᠂ ᠬᠠᠶᠢᠷ᠎ᠠ ᠰᠡᠳᠬᠢᠯᠭᠡ ᠶᠢᠨ ᠨᠠᠶᠢᠳᠠᠯᠭ᠎ᠠ ᠶᠢ ᠴᠢᠬᠤᠯᠠᠴᠢᠯᠠᠬᠤ ᠳᠠᠰᠢ ᠬᠤᠪᠢᠷᠠᠭᠤᠯᠵᠤ᠂ ᠪᠣᠯᠪᠠᠰᠤᠨ ᠢᠶᠠᠷ ᠳᠠᠬᠢᠯᠭ᠎ᠠ ᠶᠢᠨ ᠰᠢᠨ᠎ᠡ ᠬᠡᠪ ᠰᠤᠷᠲᠠᠯ ᠢ ᠪᠣᠶ ᠪᠣᠯᠭᠠᠨ᠎ᠠ᠃      ᠭᠤᠷᠪᠠ᠂ ᠺᠠᠳ᠋ᠷ ᠲᠦᠷᠦᠭᠦᠯᠡᠨ ᠦᠯᠢᠭᠡᠷ ᠵᠢᠱᠢᠶ᠎ᠡ ᠦᠵᠡᠭᠦᠯᠬᠦ ᠬᠡᠷᠡᠭᠲᠡᠢ᠃ ᠨᠠᠮ ᠤᠨ ᠭᠡᠰᠢᠭᠦᠨ ᠺᠠᠳ᠋ᠷ ᠲᠦᠷᠦᠭᠦᠯᠡᠨ ᠪᠣᠯᠪᠠᠰᠤᠨ ᠢᠶᠠᠷ ᠳᠠᠬᠢᠯᠭ᠎ᠠ ᠬᠢᠬᠦ ᠶᠢ ᠭᠦᠢᠴᠡᠳᠬᠡᠵᠦ᠂ ᠲᠦᠷᠦᠭᠦᠯᠡᠨ ᠪᠣᠯᠪᠠᠰᠤᠨ ᠢᠶᠠᠷ ᠠᠷᠪᠢᠯᠠᠨ ᠭᠠᠮᠨᠠᠵᠤ ᠪᠡᠯᠪᠡᠰᠦᠷᠡᠯ ᠤᠨ ᠶᠠᠪᠤᠳᠠᠯ ᠢ ᠬᠢᠵᠦ᠂ ᠪᠣᠬᠢᠷᠳᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠢ ᠰᠠᠨᠠᠭᠠᠴᠢᠯᠠᠭ᠎ᠠ ᠠᠴᠠ ᠪᠠᠨ ᠤᠬᠠᠭᠤᠯᠤᠨ ᠰᠠᠨᠠᠭᠠᠴᠢᠯᠠᠵᠤ᠂ ᠭᠡᠷ ᠤᠨ ᠬᠥᠮᠥᠰ ᠨᠠᠶᠢᠵᠠ ᠨᠥᠬᠦᠳ ᠢᠶᠠᠨ ᠢᠳᠡᠪᠬᠢᠲᠡᠢ ᠳᠠᠶᠢᠴᠢᠯᠠᠨ ᠪᠣᠯᠪᠠᠰᠤᠨ ᠣᠷᠣᠰᠢᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠣᠯᠪᠠᠰᠤᠨ ᠪᠤᠰᠤ᠂ ᠵᠢᠷᠤᠮᠵᠢᠯ ᠦᠭᠡᠢ᠂ ᠡᠷᠡᠭᠦᠯ ᠪᠤᠰᠤ ᠳᠠᠬᠢᠯᠭ᠎ᠠ ᠶᠢᠨ ᠠᠵᠢᠯᠯᠠᠭ᠎ᠠ ᠶᠢ ᠬᠢᠨᠠᠨ ᠬᠤᠷᠢᠭᠯᠠᠵᠤ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠵᠤ᠂ ᠲᠡᠭᠷᠢ ᠨᠢ ᠴᠡᠯᠮᠡᠭ᠂ ᠭᠠᠵᠠᠷ ᠨᠢ ᠨᠣᠭᠤᠭᠠᠨ᠂ ᠤᠰᠤ ᠨᠢ ᠴᠡᠪᠡᠷ ᠭᠡᠷ ᠣᠷᠣᠨ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃      ᠳᠥᠷᠪᠡ᠂ ᠭᠠᠯᠳᠠᠬᠤ ᠶᠢ ᠴᠢᠩᠭ᠎ᠠ ᠴᠠᠭᠠᠵᠠᠯᠠᠵᠤ᠂ ᠭᠠᠯ ᠤᠨ ᠠᠶᠤᠯ ᠢ ᠴᠢᠩᠭ᠎ᠠ ᠰᠡᠷᠭᠡᠶᠢᠯᠡᠬᠦ ᠬᠡᠷᠡᠭᠲᠡᠢ᠃ ᠠᠶᠦᠯᠭᠦᠢ ᠶᠢᠨ ᠭᠠᠯ ᠰᠡᠷᠭᠡᠶᠢᠯᠡᠬᠦ ᠬᠤᠯᠪᠣᠭᠳᠠᠯ ᠪᠦᠬᠦᠢ ᠲᠣᠭᠲᠠᠭᠠᠯ᢭ᠢ ᠤᠬᠠᠮᠰᠠᠷ ᠠᠴᠠ ᠪᠠᠨ ᠵᠢᠷᠤᠮᠯᠠᠵᠤ᠂ ᠬᠡᠭᠡᠷ᠎ᠡ ᠭᠠᠳᠠᠨ᠎ᠠ ᠢᠯᠡ ᠭᠠᠯ ᠬᠡᠷᠡᠭᠯᠡᠬᠦ ᠶᠢ ᠬᠤᠷᠢᠭᠯᠠᠵᠤ᠂ ᠭᠠᠯ ᠤᠨ ᠠᠶᠤᠯ ᠪᠣᠯᠣᠨ ᠡᠯ᠎ᠡ ᠵᠦᠢᠯ ᠤᠨ ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠨ᠂ ᠲᠠᠬᠢᠯᠭ᠎ᠠ ᠶᠢᠨ ᠠᠵᠢᠯᠯᠠᠭ᠎ᠠ ᠶᠢᠨ ᠠᠶᠤᠯ ᠦᠭᠡᠢ᠂ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃      ᠬᠤᠲᠠ ᠬᠥᠳᠡᠭᠡ ᠶᠢᠨ ᠥᠷᠭᠡᠨ ᠣᠯᠠᠨ ᠰᠠᠭᠤᠭᠠᠯᠢ ᠠᠷᠠᠳ ᠨᠥᠬᠦᠳ ᠠ᠋᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠵᠠᠩ ᠳᠠᠳᠬᠠᠯ ᠢ ᠥᠭᠡᠷᠡᠴᠢᠯᠡᠬᠦ ᠶᠢ ᠰᠠᠨᠠᠭᠠᠴᠢᠯᠠᠬᠤ ᠪᠣᠯ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠂ ᡽ᠪᠢᠳᠠ ᠭᠠᠷ ᠭᠠᠷ ᠢᠶᠠᠨ ᠬᠤᠯᠪᠣᠯᠴᠠᠨ᠂ ᠤᠳᠤ ᠠᠴᠠ ᠡᠬᠢᠯᠡᠨ ᠬᠢᠵᠦ᠂ ᠴᠢ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠰᠢᠯᠢᠳᠡᠭ ᠰᠣᠶᠣᠯ ᠤᠨ ᠤᠯᠠᠮᠵᠢᠯᠠᠭᠴᠢ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠭᠴᠢ ᠪᠣᠯᠬᠤ ᠪᠠᠷ ᠴᠢᠷᠮᠠᠶᠢᠵᠤ᠂ ᠪᠣᠯᠬᠢ ᠳᠠᠳᠬᠠᠯ ᠠᠴᠠ ᠪᠠᠨ ᠰᠠᠯᠵᠤ᠂ ᠪᠣᠯᠪᠠᠰᠤᠨ ᠢᠶᠠᠷ ᠲᠠᠬᠢᠯᠭ᠎ᠠ ᠬᠢᠵᠦ᠂ ᠲᠣᠭᠲᠠᠭᠠᠯ ᠠᠴᠠ ᠵᠥᠷᠢᠴᠡᠨ ᠪᠤᠯᠠᠰᠢᠨ ᠭᠠᠵᠠᠷ ᠪᠠᠶᠢᠭᠤᠯᠬᠤ ᠶᠢ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠢ ᠬᠠᠮᠵᠢᠯᠴᠠᠵᠤ᠂ ᠬᠠᠲᠠᠭᠤᠷᠠᠭᠤᠯᠤᠭᠰᠠᠨ ᠪᠤᠯᠠᠰᠢ᠂ ᠳᠤᠷ᠎ᠠ ᠪᠠᠷ ᠢᠶᠠᠨ ᠣᠷᠣᠰᠢᠭᠤᠯᠬᠤ ᠦᠭᠡᠢ᠂ ᠪᠣᠯᠪᠠᠰᠤᠨ ᠦᠢᠯᠡ ᠠᠵᠢᠯᠯᠠᠭ᠎ᠠ ᠪᠠᠷ ᠢᠶᠠᠨ ᠪᠣᠯᠪᠠᠰᠤᠨ ᠬᠤᠳᠠ ᠶᠢ ᠴᠢᠮᠡᠭᠯᠡᠵᠦ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤᠪᠠᠷ ᠴᠣᠭᠴᠠᠯᠠᠶ᠎ᠠ᠃                    ᠲᠣᠭᠲᠠᠬᠤ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ                            2023 ᠣᠨ ᠤ 3 ᠳ᠋ᠤᠭᠠᠷ ᠰᠠᠷ᠎ᠠ ᠶᠢᠨ 24 ᠤ ᠡᠳᠦᠷ
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1